ᠮᠠᠨ ᠤ ᠬᠤᠰᠢᠭᠤᠨ ᠤ ︽ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠭᠦᠳᠡ ᠪᠠᠨ ᠨᠡᠭᠡᠭᠡᠵᠦ | ᠬᠦᠮᠦᠵᠢᠬᠦᠯᠬᠦ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ︽ᠥᠭᠡᠷᠡᠴᠢᠯᠡᠬᠦ︾ ᠶᠢ ᠡᠴᠦᠰ ᠲᠤᠨᠢ | ᠳᠤᠯᠳᠠᠯ᠎ᠠ ᠲᠤᠤᠱᠯᠠᠭᠤᠯᠵᠦ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢ | ᠪᠣᠳᠠᠲᠠᠢ ᠳᠤ ᠨᠠᠶᠢᠳᠠᠪᠦᠷᠢᠵᠢᠭᠤᠯᠬᠤ ᠶᠢᠨ ᠲᠦᠯᠦᠭᠡ᠂ ᠬᠤᠰᠢᠭᠤᠨ ᠤ ᠭᠤᠤᠯ ᠰᠡᠳᠦᠪᠲᠦ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 11 | ᠰᠠᠷ᠎ᠠ ᠶᠢᠨ 30 ᠤ ᠡᠳᠦᠷ ᠪᠣᠯᠲᠠᠯ᠎ᠠ᠂ ︽ᠡᠭᠦᠳᠡ ᠪᠠᠨ ᠨᠡᠭᠡᠭᠡᠵᠦ ᠰᠠᠨᠠᠯ ᠬᠤᠷᠢᠶᠠᠬᠤ︾ ᠪᠠᠷ ᠳᠠᠮᠵᠢᠨ ᠣᠯᠠᠨ | ᠲᠦᠮᠡᠨ ᠤ ᠰᠠᠨᠠᠯ ᠰᠠᠨᠠᠭᠤᠯᠭ᠎ᠠ ᠶᠢ ᠬᠦᠢᠴᠡᠳ ᠬᠦᠯᠢᠶᠡᠨ ᠰᠣᠨᠣᠰᠴᠤ᠂ ᠭᠤᠤᠯ ᠨᠢ ᠨᠠᠮ ᠤᠨ ᠭᠡᠰᠢᠭᠦᠨ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ᠂ ᠦᠨᠳᠦᠰᠦᠨ ᠱᠠᠲᠤᠨ ᠤ ᠳᠠᠷᠤᠭᠠᠰᠤ ᠶᠢ | ᠬᠦᠨᠳᠦᠷᠡᠭᠦᠯᠬᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ᠂ ᠬᠡᠯᠪᠡᠷᠢᠴᠢ ᠦᠵᠡᠯ ᠪᠣᠯᠤᠨ ᠨᠣᠶᠠᠨᠴᠢ | ᠰᠤᠷᠲᠠᠯ ᠲᠠᠢ ᠪᠠᠶᠢᠬᠤ ᠵᠡᠷᠭᠡ ᠠᠰᠠᠭᠤᠳᠠᠯ ᠤᠨ ᠲᠤᠬᠠᠶ ᠲᠤᠰᠬᠠᠯ ᠵᠢᠴᠢ ︽ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ︾᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ | ᠪᠤᠯᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠠᠶᠢᠵᠢᠷᠠᠭᠤᠯᠬᠤ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠦᠵᠡᠬᠦ ᠪᠠ ᠪᠦᠬᠦᠨ ᠢ | ᠲᠠᠨᠢᠵᠤ ᠠᠪᠬᠤ ᠶᠢᠨ ᠬᠠᠮᠲᠤ᠂ ᠬᠦᠯᠢᠶᠡᠨ ᠠᠪᠴᠦ ᠰᠢᠢᠳᠪᠦᠷᠢᠯᠡᠬᠦ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠷᠢᠨ ᠬᠢᠨᠠᠮᠠᠭᠠᠶ ᠲᠣᠭᠲᠠᠭᠠᠵᠤ᠂ ᠪᠦᠬᠦ ᠲᠠᠯ᠎ᠠ ᠪᠠᠷ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠃ | ᠲᠤᠰᠬᠠᠶ ᠤᠲᠠᠰᠤ᠄ 0470 — 6401484 | ᠬᠦᠯᠢᠶᠡᠨ ᠠᠪᠴᠤ ᠰᠢᠢᠳᠪᠦᠷᠢᠯᠡᠬᠦ ᠴᠠᠭ ᠨᠢ ᠠᠵᠢᠯᠯᠠᠬᠤ ᠡᠳᠦᠷ ︵ᠭᠠᠷᠠᠭ ᠤᠨ ᠨᠢᠭᠡᠨ ᠠᠴᠠ ᠭᠠᠷᠠᠭ ᠤᠨ | ᠳᠠᠪᠤᠨ ᠬᠦᠷᠳᠡᠯ᠎ᠡ︶ ᠤᠨ ᠦᠳᠡ ᠶᠢᠨ ᠡᠮᠦᠨᠡᠬᠢ 9᠄ 00 — 12᠄ 00᠂ ᠦᠳᠡ ᠶᠢᠨ ᠬᠤᠶᠢᠨᠠᠬᠢ 14᠄ 30 | — 17᠄ 30 | ︽ᠡᠭᠦᠳᠡ ᠪᠠᠨ ᠨᠡᠭᠡᠭᠡᠵᠦ ᠰᠠᠨᠠᠯ ᠬᠤᠷᠢᠶᠠᠬᠤ︾ ᠢᠮᠧᠯ᠄ ztbzgz@163.com | ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠰᠠᠨᠠᠯ ᠬᠤᠷᠢᠶᠠᠬᠤ ᠳᠤᠰᠬᠠᠢ ᠵᠠᠬᠢᠳᠠᠯ ᠤᠨ | ᠬᠠᠶᠢᠷᠴᠠᠭ᠄ ᠳᠤᠯᠠᠭᠠᠨ ᠠᠭᠤᠳᠠᠮ ᠳᠠᠯᠠᠪᠠᠢ ᠶᠢᠨ ᠪᠠᠷᠠᠭᠤᠨ ᠡᠮᠦᠨ᠎ᠡ ᠦᠨᠴᠦᠭ ᠲᠠᠬᠢ ᠵᠠᠮ ᠤᠨ ᠳ᠋ᠧᠩ ᠤᠨ | ᠪᠠᠭᠠᠨ᠎ᠠ ᠶᠢᠨ ᠭᠡᠰᠡᠭ᠃ |