ᠤᠶᠢᠷ᠎ᠠ ᠶᠢᠨ ᠡᠳᠣᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠨᠠᠷᠠᠰᠤ ᠪᠤᠭᠳᠠᠠᠭᠤᠯᠠ ᠰᠤᠮᠤ ᠳᠤ | ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠶᠤᠯᠭᠦᠶ ᠦᠢᠯᠡᠳᠪᠦᠷᠢᠯᠡᠯ ᠵᠡᠷᠭᠡ ᠣᠳᠣᠬᠠᠨ ᠤ | ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠡᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦ᠋ ᠹᠧᠩ ᠨᠢᠩ ᠵᠢᠴᠢ ᠣᠢ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ | | ᠪᠣᠭᠳᠠᠠᠭᠤᠯᠠ ᠰᠤᠮᠤ ᠶᠢᠨ ᠳᠠᠯᠠᠢ ᠭᠠᠴᠠᠭᠠᠨ ᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠲᠤ᠂ ᠤᠳᠤ 63 ᠦᠨᠢᠶ᠎ᠡ᠂ 2 ᠪᠤᠬ᠎ᠠ᠂ 2 ᠲᠤᠭᠤᠯ ᠲᠠᠢ᠂ ᠰᠠᠭᠤᠷᠢᠨ ᠭᠠᠵᠠᠷ ᠤᠨ ᠲᠡᠯᠡᠪᠡᠢ ᠨᠢ 1.1 ᠲᠦᠮᠡᠨ | ᠮᠤ᠋ ᠪᠠᠶᠢᠵᠤ᠂ ᠡᠭᠦᠨ ᠳᠤ 320 ᠲᠡᠭᠰᠢ ᠳᠥᠷᠪᠡᠯᠵᠢᠨ ᠮᠧᠲᠷ ᠬᠠᠰᠢᠶ᠎ᠠ ᠰᠠᠷᠠᠪᠴᠢ ᠲᠠᠢ ᠵᠡᠷᠭᠡ ᠪᠠᠶᠢᠳᠠᠯ ᠢ | ᠣᠶᠢᠯᠠᠭᠠᠭᠰᠠᠨ ᠤ ᠳᠠᠷᠠᠭ᠎ᠠ ᠨᠠᠷᠠᠰᠤ ᠱᠠᠭᠠᠷᠳᠠᠬᠤ ᠳᠠᠭᠠᠨ᠂ ᠦᠨᠢᠶ᠎ᠡ ᠲᠤᠭᠤᠯᠯᠠᠬᠤ ᠬᠤᠭᠤᠴᠠᠭᠠᠨ ᠳᠠᠬᠢ ᠬᠢᠵᠢᠭ ᠢ | ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠡᠳᠡᠭᠡᠷᠡᠯᠲᠡ ᠶᠢᠨ ᠨᠣᠷᠮ᠎ᠠ ᠶᠢ ᠪᠠᠲᠤᠯᠠᠬᠤ ᠬᠡᠷᠡᠭᠲᠡᠶ᠃ ᠳᠠᠩᠰᠠᠯᠠᠵᠤ | ᠺᠠᠷᠲᠯᠠᠭᠰᠠᠨ ᠶᠠᠳᠠᠭᠤ ᠬᠦᠴᠢᠷᠳᠡᠯᠲᠡᠶ ᠭᠠᠴᠠᠭ᠎ᠠ ᠪᠣᠯᠤᠭᠰᠠᠨ ᠤ ᠬᠤᠪᠢ ᠳᠤ᠂ ᠡᠨᠡᠬᠦ ᠠᠵᠤ ᠦᠢᠯᠡᠰ ᠤᠨ ᠲᠥᠷᠥᠯ | ᠵᠦᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠯᠴᠢᠳ ᠢ ᠨᠢᠭᠳᠠᠷᠠᠭᠤᠯᠣᠨ᠂ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ︽ᠭᠤᠷᠪᠠᠨ ᠶᠠᠪᠤᠳᠠᠯ ᠢ ᠢᠯᠠ ᠪᠣᠯᠭᠠᠬᠤ︾ ᠶᠢ ᠬᠡᠷᠡᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠬᠤᠷᠠᠮᠳᠤᠭᠤᠯᠭ᠎ᠠ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠬᠦ ᠪᠠ ᠠᠵᠤ ᠦᠢᠯᠡᠰ ᠤᠨ ᠦᠷ᠎ᠡ ᠠᠰᠢᠭ ᠢ ᠲᠡᠭᠡᠭᠰᠢᠯᠡᠬᠦᠯᠬᠦ ᠶᠢ ᠠᠬᠢᠭᠤᠯᠬᠤ ᠬᠡᠷᠡᠭᠲᠡᠶ᠃ ᠰᠣᠮᠣ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ | ᠪᠠᠭ ᠤᠨ ᠬᠢᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ | ᠪᠠᠶᠢᠳᠠᠯ ᠢ ᠴᠠᠭ ᠢᠮᠠᠭᠲᠠ ᠠᠩᠬᠠᠷᠴᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠤᠯᠠᠮ | ᠴᠢᠨᠠᠭᠰᠢᠳᠠ ᠪᠠᠬᠢᠵᠢᠭᠦᠯᠦᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠴᠢᠨᠠᠷᠯᠢᠭ ᠪᠠᠶᠠᠯᠡᠬᠦᠯᠬᠦ ᠬᠡᠷᠡᠭᠲᠡᠶ ᠬᠡᠵᠡᠢ᠃ | ᠲᠡᠷᠡ ᠪᠠᠰᠡ ᠴᠢᠬᠤᠯᠠᠴᠢᠯᠠᠭᠰᠠᠨ ᠨᠢ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ | ᠠᠵᠢᠯ ᠤᠨ ᠬᠢᠨᠡᠨ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠨᠤᠲᠤᠭ ᠤᠰᠤ ᠪᠠᠨ ᠬᠠᠮᠠᠭᠠᠯᠠᠬᠤ ᠬᠠᠷᠢᠭᠤᠴᠠᠯᠭ᠎ᠠ | ᠲᠠᠢ ᠪᠠᠶᠢᠵᠦ᠂ ᠨᠤᠲᠤᠭ ᠤᠰᠤ ᠳᠠᠭᠠᠨ ᠬᠠᠷᠢᠭᠤᠴᠠᠨ᠂ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠬᠦ ᠬᠡᠷᠡᠭᠲᠡᠶ ᠭᠡᠪᠡ᠃ | | | | | ᠨᠠᠷᠠᠰᠤ ᠪᠠᠰᠠ ᠣᠷᠱᠣᠨ ᠭᠠᠴᠠᠭᠠᠨ ᠤ ᠳᠠᠩᠰᠠᠯᠠᠵᠤ ᠺᠠᠷᠲᠯᠠᠭᠰᠠᠨ ᠡᠷᠦᠬᠡ ᠠᠮᠤᠷᠵᠢᠷᠭᠠᠯ ᠤᠨ ᠬᠢᠨ ᠢ | ᠪᠣᠯᠭᠤᠭᠠᠨ ᠲᠣᠬᠤᠨᠢᠭᠤᠯᠪᠠ᠃ ᠠᠮᠣᠷᠵᠢᠷᠭᠠᠯ ᠤᠨ ᠬᠢᠨ ᠵᠢᠷᠭᠤᠭᠠᠨ ᠮᠢᠩᠭ᠎ᠠ ᠭᠠᠷᠤᠶ ᠮᠦ ᠪᠡᠯᠴᠢᠭᠡᠷ ᠲᠠᠢ᠂ 2016 | ᠣᠨ ᠳᠤ ᠪᠡᠯᠴᠢᠭᠡᠷᠯᠡᠬᠦᠯᠬᠦ ᠶᠢ ᠵᠤᠭᠰᠤᠭᠠᠬᠤ ᠲᠦᠷᠦᠯ ᠵᠦᠢᠯ ᠢ ᠭᠤᠶᠤᠴᠢᠯᠠᠨ᠂ ᠵᠢᠯ ᠪᠦᠷᠢ ᠨᠥᠬᠦᠪᠥᠷᠢ ᠣᠯᠵᠣ ᠪᠤᠢ᠂ | 2017 ᠣᠨ ᠳᠤ ᠪᠠᠰᠠ ᠭᠤᠷᠪᠠ ᠶᠢ ᠭᠠᠴᠠᠭ᠎ᠠ ᠲᠤᠰᠬᠤᠨ ᠪᠠ ᠡᠷᠦᠬᠡ ᠳᠤ ᠬᠦᠷᠭᠡᠬᠦ ᠲᠥᠷᠥᠯ ᠵᠦᠢᠯ ᠢ | ᠭᠤᠶᠤᠴᠢᠯᠠᠨ ᠣᠯᠵᠤ᠂ ᠬᠤᠳᠠᠯᠳᠤᠨ ᠠᠪᠤᠭᠰᠠᠨ 6 ᠦᠨᠢᠶ᠎ᠡ ᠨᠢ ᠨᠢᠭᠡᠨᠲᠡ ᠦᠷᠡᠵᠢᠭᠡᠳ 12 ᠪᠣᠯᠵᠠᠶ᠃ | ᠠᠮᠣᠷᠵᠢᠷᠭᠠᠯ2015 ᠣᠨ ᠳᠤ ᠶᠠᠳᠠᠭᠤ ᠠᠴᠠ ᠠᠩᠬᠢᠵᠢᠷᠠᠵᠦ᠂ ᠣᠳᠣ ᠶᠢᠨ ᠠᠮᠢᠳᠤᠷᠠᠯ ᠤᠨ ᠲᠦᠪᠰᠢᠨ ᠢᠯᠡᠳᠲᠡ | ᠳᠡᠭᠡᠭᠰᠢᠯᠡᠭᠰᠡᠨ ᠵᠡᠷᠭᠡ ᠪᠠᠶᠢᠳᠡᠯ ᠢ ᠤᠶᠢᠯᠠᠭᠠᠭᠰᠠᠨ ᠤ ᠲᠠᠷᠠᠭ᠎ᠠ ᠨᠠᠷᠠᠰᠤ᠂ ᠰᠢᠷᠭᠠᠬᠤ ᠬᠠᠳᠠᠭᠤᠵᠢᠯᠳᠡᠢ ᠠᠵᠢᠯᠯᠠᠵᠤ ᠯᠠ | ᠪᠠᠶᠢᠪᠡᠯ ᠠᠮᠢᠳᠤᠷᠠᠯ ᠰᠠᠶᠢᠵᠢᠷᠠᠵᠦ ᠦᠭᠡᠳᠡᠯᠬᠦ ᠨᠢ ᠯᠠᠪᠳᠡᠢ᠂ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠬᠦᠪᠴᠢᠯᠡᠵᠦ᠂ | ᠨᠠᠮ ᠪᠠ ᠵᠠᠰᠠᠭ ᠤᠨ ᠣᠷᠳᠣᠨ ᠤ ᠬᠠᠪᠰᠤᠷᠤᠯᠭ᠎ᠠ ᠳᠣᠤᠷ᠎ᠠ ᠡᠷᠳᠠ ᠡᠳᠣᠷ ᠪᠠᠶᠠᠵᠢᠨ ᠴᠢᠨᠡᠭᠡᠯᠢᠭᠵᠢᠬᠦ ᠶᠢ | ᠵᠤᠷᠢᠭᠵᠢᠭᠤᠯᠵᠠᠢ᠃ ᠨᠠᠷᠠᠰᠤ ᠪᠠᠰᠠ ᠰᠤᠮᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠶᠠᠳᠠᠭᠤ | ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠪᠠᠶᠢᠳᠠᠯ ᠢ ᠴᠠᠭ ᠢᠮᠠᠭᠲᠠ ᠬᠠᠯᠠᠮᠵᠢᠯᠠᠨ | ᠠᠩᠬᠠᠷᠴᠤ᠂ ᠦᠨᠡᠨ ᠪᠣᠳᠠᠲᠠᠶ ᠠᠷᠭ᠎ᠠ ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠪᠠᠬᠢᠵᠢᠬᠦᠯᠦᠨ᠂ | ᠶᠠᠳᠠᠭᠤ ᠠᠴᠠ ᠠᠩᠭᠢᠵᠢᠷᠠᠭᠤᠯᠬᠤ ᠴᠢᠨᠠᠷ ᠴᠢᠨᠰᠠᠭ᠎ᠠ ᠶᠢ ᠴᠢᠨᠠᠷᠯᠢᠭ ᠳᠡᠭᠡᠭᠰᠢᠯᠡᠭᠦᠯᠵᠦ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠰᠠᠶᠢᠳᠤᠷ ᠪᠠᠬᠢᠵᠢᠭᠦᠯᠬᠦ ᠬᠡᠷᠡᠭᠲᠡᠶ ᠭᠡᠵᠦ ᠵᠠᠬᠢᠪᠠ᠃ | | | | | ᠣᠷᠴᠢᠭᠤᠯᠤᠭᠴᠢ : ᠣᠳᠣᠨᠭᠡᠷᠡᠯ | | | | |