ᠬᠤᠰᠢᠭᠤᠨ ᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠡᠯ᠎ᠡ  ᠳᠤᠭᠤᠷᠢᠨ ᠪᠠᠶᠢᠴᠠᠭᠠᠬᠤ ᠳᠤᠭᠤᠶᠢᠯᠠᠩ ᠳᠤ ᠭᠦᠨᠵᠡᠭᠡᠶᠢᠷᠡᠨ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020/11/16
       ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠼᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠦ ᠴᠤᠸᠠᠨ ᠱᠧᠨ ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠡᠯ᠎ᠡ ᠳᠤᠭᠤᠷᠢᠨ ᠪᠠᠶᠢᠴᠠᠭᠠᠬᠤ ᠳᠤᠭᠤᠶᠢᠯᠠᠩ ᠳᠤ ᠬᠦᠨᠵᠡᠬᠡᠶᠢᠷᠡᠨ ᠬᠢᠨᠠᠨ ᠵᠢᠯᠣᠭᠤᠳᠴᠤ᠂ ᠶᠠᠷᠢᠯᠴᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠬᠡᠯᠪᠡᠷᠢ ᠪᠠᠷ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠠᠬᠢᠴᠠ ᠶᠢ ᠪᠦᠬᠦ ᠲᠠᠯ᠎ᠠ ᠪᠠᠷ ᠣᠶᠢᠯᠠᠭᠠᠪᠠ᠃
       ᠬᠤᠰᠢᠭᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠡᠯ᠎ᠡ ᠳᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠬᠦᠢᠴᠡᠳ ᠦᠨᠡᠯᠡᠯᠳᠡ ᠦᠭᠬᠦ ᠳᠡᠭᠡᠨ᠂ ᠡᠯ᠎ᠡ ᠳᠤᠭᠤᠷᠢᠨ ᠪᠠᠶᠢᠴᠠᠭᠠᠬᠤ ᠳᠤᠭᠤᠶᠢᠯᠠᠩ ᠳᠤᠭᠤᠷᠢᠨ ᠪᠠᠶᠢᠴᠠᠭᠠᠬᠤ ᠶᠠᠪᠤᠴᠠ ᠳᠤᠮᠳᠠ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠭᠡᠵᠦ᠂ ᠨᠠᠷᠢᠨ ᠨᠢᠭᠲᠠ ᠤᠬᠠᠭᠠᠯᠠᠨ ᠰᠡᠳᠦᠵᠦ᠂ ᠠᠵᠢᠯ ᠢᠶᠠᠨ ᠯᠠᠪᠳᠠᠭᠤᠨ ᠪᠠᠲᠤᠲᠠᠢ ᠪᠠᠷ ᠭᠦᠨᠵᠡᠭᠡᠶᠢᠷᠡᠭᠦᠯᠵᠦ᠂ ︽ᠴᠢᠩᠭ᠎ᠠ ᠬᠢᠨᠠᠮᠠᠭᠠᠢ᠂ ᠨᠠᠷᠢᠨ ᠨᠢᠠᠠᠳᠠ᠂ ᠬᠦᠴᠦᠯᠡᠨ ᠴᠢᠷᠮᠠᠶᠢᠬᠤ᠂ ᠡᠭᠦᠷᠭᠡ ᠲᠤᠰᠢᠶᠠᠯ ᠢᠶᠠᠨ ᠬᠦᠢᠴᠡᠳᠭᠡᠬᠦ︾ ᠶᠢ ᠪᠡᠶᠡᠯᠡᠬᠦᠯᠪᠡ ᠭᠡᠵᠡᠢ᠃ ᠪᠠᠰᠠ ᠶᠢᠰᠦᠳᠦᠭᠡᠷ ᠡᠭᠡᠯᠵᠢ ᠶᠢᠨ ᠳᠤᠭᠤᠷᠢᠨ ᠪᠠᠶᠢᠴᠠᠭᠠᠵᠤ ᠣᠶᠢᠯᠠᠭᠠᠬᠤ ᠭᠤᠭᠴᠤᠭ᠎ᠠ ᠨᠢ ᠡᠴᠦᠰ ᠤᠨ ᠬᠤᠭᠤᠴᠠᠭᠠᠨ ᠳᠤ ᠪᠠᠨ ᠤᠷᠤᠭᠠᠳ ᠪᠤᠢ᠂ ᠣᠳᠣ ᠨᠢᠭᠡᠨᠲᠡ ᠡᠬᠡ ᠨᠣᠣᠷᠠᠭ ᠢ ᠲᠡᠭᠦᠯᠳᠡᠷᠵᠢᠭᠦᠯᠬᠦ᠂ ᠳ᠋ᠦᠩᠨᠡᠨ ᠪᠣᠯᠪᠠᠰᠤᠷᠠᠭᠤᠯᠬᠤ᠂ ᠮᠡᠳᠡᠭᠦᠯᠦᠯᠲᠡ ᠪᠢᠴᠢᠬᠦ ᠵᠠᠩᠭᠢᠯᠠᠭ᠎ᠠ ᠶᠢᠨ ᠭᠤᠭᠴᠤᠭ᠎ᠠ ᠳᠤ ᠬᠦᠷᠴᠦ᠂ ᠡᠯ᠎ᠡ ᠳᠤᠭᠤᠷᠢᠨ ᠪᠠᠶᠢᠴᠠᠭᠠᠬᠤ ᠳᠤᠭᠤᠶᠢᠯᠠᠩ ᠪᠦᠬᠦ ᠲᠠᠯ᠎ᠠ ᠶᠢᠨ ︽ᠤᠯᠤᠰ ᠲᠥᠷᠥ ᠶᠢᠨ ᠪᠠᠶᠢᠴᠠᠭᠠᠯᠲᠠ︾ ᠶᠢ ᠦᠷᠭᠦᠯᠵᠢᠯᠡᠨ ᠴᠢᠩᠭᠠᠯᠠᠵᠤ᠂ ᠳᠤᠭᠤᠷᠢᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠤᠭᠤᠷᠢᠨ ᠪᠠᠶᠢᠴᠠᠭᠠᠭᠰᠠᠨ ᠮᠡᠳᠡᠭᠦᠯᠦᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠬᠦᠨᠵᠡᠬᠡᠢ ᠰᠤᠳᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠬ᠎ᠠ ᠱᠠᠭᠠᠷᠳᠠᠯᠭ᠎ᠠ ᠪᠠᠷ ᠥᠪᠡᠷ ᠤᠨ ᠪᠡᠶ᠎ᠡ ᠪᠠᠨ  ᠱᠠᠭᠠᠷᠳᠠᠨ᠂ ᠨᠠᠮ ᠪᠠ ᠵᠠᠰᠠᠭ ᠤᠨ ᠰᠠᠬᠢᠯᠭ᠎ᠠ ᠶᠢᠨ ︽ᠤᠯᠠᠭᠠᠨ ᠱᠤᠭᠤᠮ︾ ᠢ ᠳᠠᠪᠠᠭ᠋ᠤ ᠦᠭᠡᠢ ᠪᠠᠶᠢᠬᠤ ᠶᠢ ᠡᠷᠡᠰ ᠪᠡᠶᠡᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠥᠨᠳᠥᠷ ᠳᠠᠷᠤᠯᠲᠠ ᠶᠢᠨ ᠱᠤᠭᠤᠮ ᠲᠠᠢ ᠬᠠᠯᠳᠠᠬᠤ ᠦᠭᠡᠶ᠂ ᠪᠦᠬᠦᠯᠢ ᠴᠣᠭᠴᠠ ᠶᠢᠨ ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠤᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠭᠡᠷᠡᠭᠳᠡᠢ ᠭᠡᠵᠦ ᠴᠢᠬᠤᠯᠠᠴᠢᠯᠠᠵᠠᠢ᠃
                                  ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号