ᠨᠠᠷᠠᠰᠤ ᠪᠤᠶᠢᠷ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/11/17
       11 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠨᠠᠷᠠᠰᠤ ᠪᠤᠶᠢᠷ ᠰᠤᠮᠤᠨ ᠳᠤ ᠭᠦᠨᠵᠡᠭᠡᠶᠢᠷᠡᠨ᠂ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠂ ᠠᠵᠢᠯ ᠤᠨ ᠡᠯ᠎ᠡ ᠵᠦᠢᠯ ᠤᠨ ᠵᠠᠩᠭᠢᠯᠠᠭ᠎ᠠ ᠶᠢᠨ ᠨᠠᠷᠢᠯᠢᠭ ᠵᠦᠢᠯ ᠢ ᠴᠢᠩᠭ᠎ᠠ ᠠᠩᠬᠠᠷᠴᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠧᠨ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
       ᠨᠠᠷᠠᠰᠤ ᠤᠷᠢᠳ ᠬᠤᠵᠢᠳ ᠪᠤᠶᠢᠷ ᠰᠤᠮᠤ ᠶᠢᠨ ᠪᠤᠶᠢᠷ ᠭᠠᠴᠠᠭᠠᠨ ᠤ ᠮᠠᠯᠴᠢᠨ ᠠᠶᠢᠯ ᠣᠷᠭᠢᠯᠪᠤᠯᠠᠭ᠂ ᠬᠠᠢ ᠪᠦᠦ ᠶᠢᠨ ᠭᠡᠷ ᠲᠤ ᠬᠦᠷᠴᠦ᠂ ᠭᠠᠴᠠᠭᠠᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠯᠢᠭ ᠣᠶᠢᠯᠠᠭᠠᠪᠠ᠃ ᠨᠠᠷᠠᠰᠤ ᠵᠢᠭᠠᠵᠤ ᠭᠠᠷᠭᠠᠭᠰᠠᠨ ᠨᠢ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠠᠮᠤᠭ ᠤᠨ ᠥᠷᠭᠡᠨ ᠣᠯᠠᠨ ᠮᠠᠯᠴᠢᠨ ᠲᠦᠮᠡᠨ ᠤ ᠬᠠᠯᠠᠭᠤᠨ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠬᠦ ᠪᠦᠲᠦᠮᠵᠢᠲᠡᠶ ᠠᠷᠭ᠎ᠠ ᠵᠠᠮ ᠮᠥᠨ᠃ ᠰᠤᠮᠤ ᠭᠠᠴᠠᠭ᠎ᠠ ᠪᠦᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠡᠷᠢᠭᠦᠨ ᠤ ᠭᠠᠵᠠᠷ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠬᠡᠪ ᠵᠠᠭᠪᠤᠷ ᠢ ᠰᠤᠷᠤᠯᠴᠠᠵᠤ᠂ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶ ᠳᠤ ᠨᠡᠶᠢᠴᠡᠭᠰᠡᠨ ᠲᠥᠷᠥᠯ ᠵᠦᠢᠯ ᠢ ᠲᠥᠰᠦᠪᠯᠡᠵᠦ᠂ ᠲᠤᠷᠰᠢᠯᠲᠠ ᠶᠢᠨ ᠴᠡᠭ ᠤᠨ ᠭᠠᠴᠠᠭ᠎ᠠ ᠶᠢᠨ ᠬᠤᠷᠰᠢᠶᠠᠵᠢᠯ ᠤᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠠᠵᠤ ᠦᠢᠯᠡᠰ ᠢ ᠪᠤᠶᠢᠵᠢᠭᠤᠯᠬᠤ ᠪᠠ ᠬᠥᠭᠵᠢᠭᠦᠯᠬᠦ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ︾ ᠬᠠᠮᠲᠤᠪᠠᠷ ᠠᠰᠢᠭ ᠬᠦᠷᠲᠡᠬᠦ ᠵᠣᠬᠢᠴᠠᠩᠭᠤᠢ ᠬᠥᠭᠵᠢᠯᠲᠡ ᠶᠢᠨ ᠵᠠᠮ ᠢ ᠢᠳᠡᠪᠬᠢᠲᠡᠢ ᠰᠦᠪᠡᠭᠴᠢᠯᠡᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠨᠠᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃
       ᠶᠠᠷᠢᠯᠴᠠᠬᠤ ᠬᠤᠷᠠᠯ ᠳᠡᠭᠡᠷ᠎ᠡ ᠨᠠᠷᠠᠰᠤ ᠱᠦᠵᠢ᠂ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠮᠦᠨᠡᠬᠢ ᠬᠤᠭᠤᠴᠠᠭᠠᠨ ᠤ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠨ ᠵᠢᠭᠰᠠᠭᠠᠵᠤ᠂ ᠵᠢᠷᠤᠮ ᠤᠨ ᠪᠣᠭᠤᠮᠲᠠ ᠶᠢ ᠴᠢᠩᠭ᠎ᠠ ᠠᠳᠬᠤᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠡᠯᠡᠳᠬᠡᠯ ᠪᠦᠷᠢᠨ ᠭᠦᠢᠴᠡᠳ᠂ ᠰᠠᠭᠤᠷᠢ ᠯᠠᠪᠳᠠᠭᠤᠨ ᠪᠠᠲᠤᠲᠠᠢ ᠪᠠᠶᠢᠬᠤ ᠶᠢ ᠦᠨᠡᠨᠬᠦ ᠪᠠᠲᠤᠯᠠᠵᠤ᠂ ᠰᠣᠩᠭᠤᠭᠤᠯᠢ ᠶᠢᠨ ᠠᠵᠢᠯ ᠢ ᠴᠢᠨᠠᠷ ᠰᠠᠶᠢᠲᠠᠶ ᠠᠬᠢᠭᠤᠯᠬᠤ ᠬᠡᠷᠡᠭᠲᠡᠢ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠣᠯᠤᠨ ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
       ᠲᠡᠷᠡ ᠪᠠᠰᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ ᠡᠴᠦᠰ ᠤᠨ ᠱᠠᠲᠤᠨ ᠳᠤ ᠣᠷᠣᠵᠤ᠂ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠣᠯᠬᠤ ᠡᠭᠦᠷᠭᠡᠲᠦ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠨᠢᠭᠡ ᠯᠡ ᠴᠡᠭ ᠲᠤ ᠲᠦᠪᠯᠡᠷᠡᠭᠦᠯᠦᠨ᠂ ᠨᠢᠭᠡ ᠯᠡ ᠠᠮᠢᠰᠬᠤᠭ᠎ᠠ ᠪᠠᠷ ᠬᠦᠴᠦᠯᠡᠨ ᠴᠢᠷᠮᠠᠶᠢᠵᠤ᠂ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠪᠥᠬᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ ᠠᠯᠬᠤᠨ ᠣᠷᠣᠬᠤ ᠬᠡᠷᠡᠭᠲᠡᠢ ᠭᠡᠪᠡ᠃        ᠨᠠᠷᠠᠰᠤ ᠪᠠᠰᠠ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠡᠪᠦᠯ ᠤᠨ ᠤᠯᠠᠷᠢᠯ ᠳᠤ ᠡᠪᠡᠰᠦ ᠪᠣᠷᠳᠤᠭ᠎ᠠ ᠨᠦᠬᠡᠴᠡᠯᠡᠬᠦ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃
       ᠳᠠᠷᠠᠭ᠎ᠠ ᠨᠢ᠂ ᠨᠠᠷᠠᠰᠤ ᠪᠣᠶᠢᠷ ᠰᠤᠮᠤ ᠶᠢᠨ ︽ᠲᠠᠷᠢᠶᠠᠯᠠᠩ ᠤᠨ ᠮᠡᠳᠡᠭᠡ ᠵᠠᠩᠭᠢ ᠶᠢᠨ ᠦᠷᠳᠡᠭᠡ︾ ᠪᠣᠯᠤᠨ ᠪᠤᠳᠠᠭᠠᠲᠤ ᠭᠠᠴᠠᠭᠠᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠴᠦ᠂ ︽ᠲᠠᠷᠢᠶᠠᠯᠠᠩ ᠤᠨ ᠮᠡᠳᠡᠭᠡ ᠵᠠᠩᠭᠢ ᠶᠢᠨ ᠦᠷᠳᠡᠭᠡ︾ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠣᠯᠤᠨ ᠦᠢᠯᠡᠴᠢᠯᠡᠭᠡᠨ ᠤ ᠲᠥᠪ ᠤᠨ ᠡᠳᠦᠷ ᠳᠤᠳᠤᠮ ᠤᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠡᠭᠦᠨ ᠤ ᠬᠠᠮᠲᠤ ᠪᠤᠶᠢᠷ ᠰᠤᠮᠤ ᠶᠢᠨ ᠳᠡᠭᠦᠯᠢᠨ ᠮᠠᠯᠵᠢᠯ ᠤᠨ ᠲᠤᠰᠬᠠᠶ ᠬᠤᠯᠪᠣᠭᠠᠲᠤ ᠬᠤᠷᠰᠢᠶ᠎ᠠ ᠶᠢᠨ ᠡᠯ᠎ᠡ ᠪᠦᠷᠢᠯᠳᠦᠬᠦᠨ ᠲᠠᠢ ᠳᠣᠲᠣᠨᠣ ᠪᠠᠷ ᠶᠠᠷᠢᠯᠴᠠᠵᠤ᠂ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠪᠠ᠃                                      ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号