ᠮᠠᠨ ᠤ ᠬᠤᠰᠢᠭᠤ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/18
       11 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠬᠤᠷᠠᠯ ᠤᠨ ᠭᠡᠷ ᠲᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠥᠭᠡᠪᠠᠶᠠᠷ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠠ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠳᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠪᠠ᠃ ᠸᠠᠩ ᠳ᠋ᠦᠩ᠂ ᠤᠯᠠᠭᠠᠨᠲᠤᠶᠠᠭ᠎ᠠ ᠵᠢᠴᠢ ᠵᠢᠯᠣᠭᠤᠳᠬᠤ ᠭᠠᠵᠠᠷ ᠤᠨ ᠬᠠᠮᠢᠶ᠎ᠠ ᠪᠦᠬᠦᠢ ᠠᠵᠢᠯᠯᠠᠬᠤ ᠳᠤᠭᠤᠶᠢᠯᠠᠩ ᠬᠤᠷᠠᠯ ᠳᠤ ᠣᠷᠣᠯᠴᠠᠪᠠ᠃        ᠬᠤᠷᠠᠯ ᠳᠤ ᠵᠢᠯᠣᠭᠤᠳᠬᠤ ᠭᠠᠵᠠᠷ ᠤᠨ ᠬᠠᠮᠢᠶ᠎ᠠ ᠪᠦᠬᠦᠢ ᠠᠵᠢᠯᠯᠠᠬᠤ ᠳᠤᠭᠤᠶᠢᠯᠠᠩ ᠤᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠨᠢᠭᠦᠯᠦᠭᠰᠡᠨ ᠪᠠᠶᠢᠳᠠᠯ ᠢ ᠰᠣᠨᠣᠰᠪᠠ᠃
       ᠪᠦᠬᠡᠪᠠᠶᠠᠷ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠰᠠᠨᠠᠭᠠᠨ ᠤ ᠬᠥᠪᠴᠢ ᠪᠠᠨ ᠴᠠᠭ ᠢᠮᠠᠭᠲᠠ ᠴᠢᠩᠭᠠᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠡᠪ ᠤᠨ ᠪᠠᠶᠢᠳᠠᠯ ᠳᠤ ᠣᠷᠣᠭᠰᠠᠨ ᠠᠴᠠ ᠨᠠᠰᠢ᠂ ᠪᠦᠬᠦ ᠬᠤᠰᠢᠭᠤ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠲᠣᠭᠲᠠᠭᠤᠨ ᠢᠶᠠᠷ ᠳᠡᠭᠡᠭᠰᠢᠯᠡᠨ᠂ ᠲᠣᠭᠲᠠᠭᠤᠨ ᠤ ᠳᠤᠮᠳᠠ ᠰᠠᠶᠢᠵᠢᠷᠠᠯᠲᠠ ᠲᠠᠢ ᠪᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢᠳᠡᠪᠬᠢᠲᠡᠢ ᠰᠠᠶᠢᠵᠢᠷᠠᠵᠤ ᠪᠠᠶᠢᠭ᠎ᠠ ᠪᠠᠶᠢᠳᠠᠯ ᠶᠠᠭ ᠦᠷᠭᠡᠳᠴᠦ ᠪᠠᠶᠢᠨ᠎ᠠ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠬᠤ ᠬᠡᠷᠡᠭᠲᠡᠶ᠂ ᠰᠣᠬᠤᠷ ᠪᠠᠯᠠᠶ ᠪᠠᠷ ᠪᠠᠶᠠᠷᠯᠠᠵᠤ ᠶᠠᠭᠠᠬᠢᠭᠰᠠᠨ ᠴᠤ ᠪᠣᠯᠬᠤ ᠦᠭᠡᠢ ᠪᠦᠭᠡᠳ ᠴᠠᠯᠠᠭᠠᠶᠢᠷᠠᠵᠤ ᠪᠣᠯᠬᠤ ᠦᠭᠡᠶ᠃ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠵᠤ᠂ ᠠᠵᠤ ᠠᠬᠤᠶ ᠨᠡᠶᠢᠭᠡᠮ ᠤᠨ ᠰᠡᠷᠭᠦᠨ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢ ᠡᠷᠡᠰ ᠪᠠᠬᠢᠵᠢᠭᠦᠯᠬᠦ ᠬᠡᠷᠡᠭᠲᠡᠶ ᠭᠡᠵᠡᠢ᠃        ᠪᠦᠬᠡᠪᠠᠶᠠᠷ ᠴᠢᠬᠤᠯᠠᠴᠢᠯᠠᠭᠰᠠᠨ ᠨᠢ᠂ ᠨᠠᠷᠢᠯᠢᠭ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠵᠤ᠂ ᠭᠠᠳᠠᠨ᠎ᠠ ᠠᠴᠠ ᠬᠠᠯᠳᠠᠪᠤᠷᠢᠯᠠᠨ ᠣᠷᠤᠭᠤᠯᠬᠤ ᠶᠢ ᠴᠢᠩᠭ᠎ᠠ ᠰᠡᠷᠭᠡᠶᠢᠯᠡᠬᠦ ᠶᠢ ᠭᠤᠤᠯᠳᠠᠯᠭ᠎ᠠ ᠪᠣᠯᠭᠠᠨ᠂ ᠪᠣᠭᠤᠮᠲᠠ ᠶᠢ ᠤᠷᠤᠭᠰᠢ ᠰᠢᠯᠵᠢᠭᠦᠯᠵᠦ᠂ ᠮᠠᠨ ᠤ ᠬᠤᠰᠢᠭᠤᠨ ᠤ ᠬᠠᠮᠢᠶ᠎ᠠ ᠪᠦᠬᠦᠢ ᠬᠢᠯᠢ ᠪᠠᠷ ᠣᠷᠣᠵᠤ ᠢᠷᠡᠭᠰᠡᠨ ᠬᠥᠮᠦᠰ ᠤᠨ ᠡᠷᠡᠭᠦᠯ ᠮᠡᠨᠳᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠬᠠᠮᠢᠶᠠᠷᠤᠯᠲᠠ ᠶᠢ ᠳᠦᠷᠢᠮᠵᠢᠭᠦᠯᠦᠨ ᠰᠠᠶᠢᠲᠤᠷ ᠬᠢᠵᠦ᠂ ᠬᠦᠮᠦᠨ ᠪᠠ ᠪᠣᠳᠠᠰ ᠢ ᠬᠠᠮᠲᠤ ᠪᠠᠷ ᠰᠡᠷᠭᠡᠶᠢᠯᠡᠬᠦ ᠶᠢ ᠪᠣᠳᠠᠲᠠᠶᠢᠵᠢᠭᠤᠯᠵᠤ᠂ ᠬᠢᠵᠢᠭ ᠢ ᠣᠷᠣᠭᠤᠯᠬᠤ ᠦᠭᠡᠢ᠂ ᠲᠠᠷᠬᠠᠭᠠᠬᠤ ᠦᠭᠡᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠮᠦᠰ ᠤᠨ ᠳᠤᠮᠳᠠ ᠬᠤᠯᠤᠭᠠᠨ᠎ᠠ ᠶᠢᠨ ᠬᠢᠵᠢᠭ ᠦᠯᠦ ᠭᠠᠷᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃        ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠲᠣᠰ ᠤᠨ ᠪᠣᠳᠠᠲᠠᠶ ᠰᠠᠨᠠᠯ ᠰᠠᠨᠠᠭᠤᠯᠭ᠎ᠠ ᠪᠠᠨ ᠳᠤᠷᠠᠳᠪᠠ᠃                                    ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号