ᠦᠪᠡᠷᠲᠡᠭᠡᠨ ᠵᠠᠰᠠᠬᠤ ᠤᠷᠤᠨ ᠤ ᠱᠠᠯᠠᠪᠳᠠᠭᠤᠯᠤᠨ ᠵᠢᠯᠣᠭᠤᠳᠴᠤ ᠰᠢᠯᠭᠠᠨ ᠦᠨᠡᠯᠡᠬᠦ ᠳᠤᠭᠤᠶᠢᠯᠠᠩ ᠮᠠᠨ ᠤ ᠬᠤᠰᠢᠭᠤᠨ ᠳᠤ ᠢᠷᠡᠵᠦ ︽ᠳᠥᠷᠪᠡᠨ ᠰᠠᠶᠢᠲᠠᠶ ᠬᠦᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠵᠢᠴᠢ ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠰᠢᠯᠭᠠᠨ ᠦᠨᠡᠯᠡᠪᠡ
ᠨᠡᠶᠢᠲᠡᠯᠡᠭᠰᠡᠨ ᠴᠠᠭ᠄
2020/11/19
       11 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠵᠢᠴᠢ ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ᠶᠢ ᠱᠠᠯᠠᠪᠳᠠᠭᠤᠯᠤᠨ ᠵᠢᠯᠣᠭᠤᠳᠴᠤ  ᠰᠢᠯᠭᠠᠨ ᠦᠨᠡᠯᠡᠬᠦ ᠳᠤᠭᠤᠶᠢᠯᠠᠩ ᠮᠠᠨ ᠤ ᠬᠤᠰᠢᠭᠤᠨ ᠳᠤ ᠢᠷᠡᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠵᠢᠴᠢ ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠰᠢᠯᠭᠠᠨ ᠦᠨᠡᠯᠡᠬᠦ ᠶᠢᠨ ᠬᠠᠮᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠪᠦᠬᠡᠪᠠᠶᠠᠷ᠂ ᠲᠢᠶᠠᠨ ᠹᠧᠩ ᠯᠢᠨ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠶ᠃        ᠬᠤᠷᠠᠯ ᠳᠤ᠂ ᠪᠦᠬᠡᠪᠠᠶᠠᠷ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠳᠠᠢ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠷᠨᠢᠬᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠵᠠᠰᠠᠮᠠᠯ ᠵᠠᠮ ᠤᠨ ᠶᠡᠷᠦᠩᠬᠡᠶ ᠤᠷᠲᠤ 1312.632 ᠺᠢᠯᠣᠮᠧᠲᠷ ᠲᠤ ᠬᠦᠷᠴᠦ᠂ ᠡᠭᠦᠨ ᠳᠤ᠂ ᠤᠯᠤᠰ ᠤᠨ ᠵᠠᠮ 168.056 ᠺᠢᠯᠣᠮᠧᠲᠷ᠂ ᠮᠤᠵᠢ ᠶᠢᠨ ᠵᠠᠮ 82.392 ᠺᠢᠯᠣᠮᠧᠲᠷ᠂ ᠰᠢᠶᠠᠨ ᠤ ᠵᠠᠮ 597.516 ᠺᠢᠯᠣᠮᠧᠲᠷ᠂ ᠰᠢᠶᠠᠩ ᠤᠨ ᠵᠠᠮ 252.156 ᠺᠢᠯᠣᠮᠧᠲᠷ᠂ ᠬᠦᠳᠡᠭᠡ ᠲᠣᠰᠬᠤᠨ ᠤ ᠵᠠᠮ 212.512 ᠺᠢᠯᠣᠮᠧᠲᠷ ᠪᠠᠶᠢᠵᠦ᠂ ᠬᠤᠰᠢᠭᠤ ᠨᠤᠲᠤᠭ ᠤᠨ ᠬᠡᠪᠴᠢᠶᠡᠨ ᠳᠠᠬᠢ ᠵᠡᠭᠦᠨᠰᠢ ᠪᠠᠷᠠᠭᠤᠨᠰᠢ ᠬᠦᠨᠳᠡᠯᠡᠨ ᠢᠶᠠᠷ ᠨᠡᠪᠲᠡᠷᠡᠬᠦ᠂ ᠡᠮᠦᠨᠡᠰᠢ ᠤᠮᠠᠷᠠᠰᠢ ᠭᠤᠯᠳᠤ ᠪᠠᠷ ᠨᠡᠪᠲᠡᠷᠡᠬᠦ ︽ᠨᠢᠭᠡ ᠴᠠᠭᠠᠷᠢᠭ ᠳᠥᠷᠪᠡᠨ ᠱᠤᠭᠤᠮ +︾ ᠵᠠᠮ ᠤᠨ ᠲᠣᠣᠷ ᠤᠨ ᠪᠠᠶᠢᠷᠢᠰᠢᠯ ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠂ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠥᠬᠦᠴᠡᠯ ᠶᠡᠭᠡ ᠬᠡᠮᠵᠢᠶ᠎ᠡ ᠪᠠᠷ ᠰᠠᠶᠢᠵᠢᠷᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠪᠠ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃
       ᠪᠦᠬᠡᠪᠠᠶᠠᠷ᠂ ᠮᠠᠨ ᠤ ᠬᠤᠰᠢᠭᠤ ᠳᠤᠰ ᠤᠳᠠᠭᠠᠨ ᠤ ᠱᠠᠯᠠᠪᠳᠠᠭᠤᠯᠤᠨ ᠵᠢᠯᠣᠭᠤᠳᠴᠤ ᠰᠢᠯᠭᠠᠨ ᠦᠨᠡᠯᠡᠬᠦ ᠪᠠᠷ ᠠᠵᠠ ᠲᠣᠬᠢᠶᠠᠯ ᠪᠤᠯᠭᠠᠨ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠦᠨᠡᠨᠬᠦ ᠰᠠᠶᠢᠲᠤᠷ ᠠᠳᠬᠤᠨ᠂ ᠪᠦᠬᠦ ᠬᠤᠰᠢᠭᠤᠨ ᠤ ᠵᠠᠰᠠᠮᠠᠯ ᠵᠠᠮ ᠤᠨ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠠᠰᠤ ᠴᠢᠨᠠᠷ ᠢ ᠴᠢᠩᠭᠠᠳᠬᠠᠨ᠂ ᠵᠠᠰᠠᠮᠠᠯ ᠵᠠᠮ ᠤᠨ ᠬᠠᠮᠢᠶᠠᠷᠤᠯᠲᠠ ᠪᠣᠯᠤᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠠᠩ ᠥᠨᠳᠥᠷ ᠳᠡᠭᠲᠡᠷ ᠲᠤ ᠭᠠᠷᠭᠠᠬᠤ ᠶᠢ ᠠᠬᠢᠭᠤᠯᠤᠨ᠎ᠠ ᠭᠡᠵᠡᠢ᠃        ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠱᠠᠯᠠᠪᠳᠠᠭᠤᠯᠤᠨ ᠵᠢᠯᠣᠭᠤᠳᠴᠤ ᠰᠢᠯᠭᠠᠨ ᠦᠨᠡᠯᠡᠬᠦ ᠳᠤᠭᠤᠶᠢᠯᠠᠩ ᠱᠠᠭᠠᠷᠳᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠲᠣᠰᠬᠤᠨ ᠤ ᠳᠥᠷᠪᠡᠨ ᠰᠠᠶᠢᠳᠠᠢ ᠵᠠᠮ︾ ᠤᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠦᠷᠢᠵᠢᠭᠤᠯᠵᠦ᠂ ︽ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠬᠠᠷᠠᠯᠲᠠ ᠶᠢᠨ ᠲᠣᠭᠤᠷᠢᠨ ᠳᠤ ᠬᠠᠮᠢᠶᠠᠷᠤᠯᠲᠠ ᠶᠢᠨ ᠣᠶᠢᠯᠠᠭᠠᠭᠳᠠᠬᠤᠨ ᠢᠶᠠᠨ ᠲᠠᠰᠤᠷᠠᠯᠲᠠ ᠦᠭᠡᠢ ᠰᠢᠨᠡᠴᠢᠯᠡᠨ ᠲᠡᠭᠦᠯᠳᠡᠷᠵᠢᠭᠦᠯᠵᠦ᠂ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠦ᠂ ᠠᠷᠠᠳ ᠣᠯᠠᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠬᠤ ᠳᠤ ᠨᠠᠩ ᠰᠠᠶᠢᠨ ᠵᠠᠮ ᠲᠡᠭᠡᠭᠡᠪᠦᠷᠢ ᠶᠢᠨ ᠪᠠᠲᠤᠯᠠᠭ᠎ᠠ ᠬᠠᠩᠭᠠᠬᠤ ᠭᠡᠷᠡᠭᠳᠡᠢ ᠭᠡᠵᠡᠢ᠃        ᠬᠤᠷᠠᠯ ᠳᠤ ᠪᠠᠰᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ︿ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ﹀ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠳᠤᠰᠬᠠᠢ ᠰᠡᠳᠦᠪᠲᠦ ᠤᠬᠠᠭᠤᠯᠭ᠎ᠠ ᠶᠢᠨ ᠹᠢᠯᠢᠮ︾ ᠢ ᠦᠵᠡᠪᠡ᠃                             ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号