ᠪᠥᠬᠦ ᠬᠤᠰᠢᠭᠤᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/19
       11 ᠰᠠᠷ᠎ᠠ ᠶᠢᠨ 18 ᠤ ᠡᠳᠦᠷ᠂ ᠪᠥᠬᠦ ᠬᠤᠰᠢᠭᠤᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠭᠤᠷᠪᠠᠳᠤᠭᠠᠷ  ᠳᠠᠪᠬᠤᠷᠭ᠎ᠠ ᠶᠢᠨ ᠬᠤᠷᠠᠯ ᠤᠨ ᠬᠡᠷ ᠲᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠶᠢᠨ ᠼᠠᠩ ᠬᠤᠷᠠᠯ ᠡᠷᠬᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠭᠡᠷ᠂ ᠡᠯ᠎ᠡ ᠲᠤᠰᠬᠠᠢ ᠳᠤᠭᠤᠶᠢᠯᠠᠩ ᠤᠨ ᠬᠤᠯᠪᠣᠭᠠᠴᠢᠨ ᠵᠢᠴᠢ ᠠᠵᠢᠯᠲᠠᠳ ᠬᠤᠷᠠᠯ ᠳᠤ ᠣᠷᠣᠯᠴᠠᠪᠠ᠃
       ᠬᠤᠷᠠᠯ ᠳᠤ ᠡᠯ᠎ᠡ ᠲᠤᠰᠬᠠᠶ ᠳᠤᠭᠤᠶᠢᠯᠠᠩ ᠤᠨ 2020 ᠣᠨ ᠤ 1— 10 ᠰᠠᠷ᠎ᠠ ᠶᠢᠨ ᠥᠭᠡᠷᠡᠴᠢᠯᠡᠯᠲᠡ ᠶᠢ ᠪᠥᠬᠦ ᠳᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠦᠯᠢᠶᠡᠨ ᠰᠣᠨᠣᠰᠪᠠ᠃         ᠶᠢᠨ ᠼᠠᠩ ᠴᠢᠬᠤᠯᠠᠴᠢᠯᠠᠭᠰᠠᠨ ᠨᠢ᠂ ᠡᠯ᠎ᠡ ᠲᠤᠰᠬᠠᠶ ᠳᠤᠭᠤᠶᠢᠯᠠᠩ ᠤᠨ ᠬᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠭᠤᠤᠯ ᠴᠣᠭᠴᠠ ᠶᠢᠨ  ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠶᠢᠳᠠᠪᠦᠷᠢᠵᠢᠭᠤᠯᠤᠨ᠂ ᠶᠡᠷᠦᠩᠬᠡᠢ ᠠᠵᠢᠯ ᠢ ᠲᠦᠷᠦᠭᠦᠯᠡᠨ ᠠᠳᠬᠤᠬᠤ ᠦᠢᠯᠡᠳᠦᠯ ᠢ ᠪᠠᠳᠠᠷᠠᠭᠤᠯᠵᠤ᠂ ᠮᠠᠨ ᠤ ᠬᠤᠰᠢᠭᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠨ᠎ᠡ᠃ ᠬᠤᠯᠪᠣᠭᠠᠴᠢᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠬᠦᠢᠴᠡᠳᠭᠡᠵᠦ᠂ ᠬᠤᠯᠪᠣᠭ᠎ᠠ ᠠᠪᠴᠤ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠲᠣᠰ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠴᠠᠭ ᠢᠮᠠᠭᠲᠠ ᠡᠵᠡᠮᠰᠢᠵᠦ᠂ ᠳᠠᠩᠰᠠ ᠡᠪᠬᠡᠮᠡᠯ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠳᠤ ᠬᠤᠯᠪᠣᠭᠳᠠᠭᠰᠠᠨ ᠰᠠᠯᠠᠭ᠎ᠠ ᠮᠥᠴᠢᠷ ᠤᠨ ᠬᠢᠨᠠᠨ ᠪᠠᠶᠢᠴᠠᠭᠠᠯᠲᠠ ᠪᠠᠨ ᠦᠨᠡᠨᠬᠦ ᠴᠢᠩᠭᠠᠳᠬᠠᠵᠤ᠂ ᠡᠭᠦᠨ ᠤ ᠬᠠᠮᠲᠤ ︽ᠡᠷᠭᠢᠵᠦ ᠬᠠᠷᠠᠬᠤ︾ ᠠᠵᠢᠯ ᠢ ᠴᠢᠬᠤᠯᠠᠴᠢᠯᠠᠵᠤ᠂ ᠣᠯᠤᠭᠰᠠᠨ ᠥᠭᠡᠷᠡᠴᠢᠯᠡᠯᠲᠡ ᠶᠢᠨ ᠦᠷ᠎ᠡ ᠪᠦᠳᠦᠮᠵᠢ ᠶᠢ ᠮᠥᠷᠳᠡᠨ ᠪᠠᠶᠢᠴᠠᠭᠠᠬᠤ ᠭᠡᠷᠡᠭᠳᠡᠢ ᠬᠡᠵᠡᠢ᠃                             ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号