ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠬᠤᠰᠢᠭᠤᠨ ᠳᠤ ᠭᠦᠨᠵᠡᠭᠡᠶᠢᠷᠡᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2020/11/20
       11 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠠᠶ ᠵᠢᠶᠦ᠋ᠨ ᠵᠡᠷᠭᠡ ᠬᠦᠮᠦᠰ ᠮᠠᠨ ᠤ ᠬᠤᠰᠢᠭᠤᠨ ᠳᠤ ᠭᠦᠨᠵᠡᠭᠡᠶᠢᠷᠡᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ᠂ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠨᠠᠷᠠᠰᠤ᠂ ᠪᠦᠬᠡᠪᠠᠶᠠᠷ᠂ ᠲᠡᠮᠡᠴᠡᠯ ᠵᠡᠷᠭᠡ ᠬᠤᠰᠢᠭᠤᠨ ᠤ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠪᠠ᠃
       ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ᠂ ᠪᠠᠶ ᠠᠶ ᠵᠢᠶᠦ᠋ᠨ ᠵᠡᠷᠭᠡ ᠬᠦᠮᠦᠰ ᠬᠤᠰᠢᠭᠤᠨ ᠤ ᠦᠨᠳᠦᠰᠦᠲᠡᠨ ᠤ ᠰᠣᠶᠣᠯ ᠤᠨ ᠲᠥᠪ᠂ ᠬᠡᠷᠦᠯᠦᠨ ᠰᠣᠮᠣ ᠶᠢᠨ ᠮᠠᠩᠯᠠᠶ ᠮᠠᠯᠵᠢᠯ ᠤᠨ ᠲᠤᠰᠬᠠᠶ ᠬᠤᠷᠰᠢᠶᠠᠵᠢᠯ᠂ ᠰᠡᠭᠡᠭᠡᠲᠡᠨ ᠮᠦᠽᠧᠶ ᠵᠡᠷᠭᠡ ᠭᠠᠵᠠᠷ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠨᠠᠷᠠᠰᠤ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠯᠢᠭ ᠲᠠᠨᠢᠯᠴᠠᠭᠤᠯᠪᠠ᠃ ᠪᠠᠶ ᠠᠶ ᠵᠢᠶᠦ᠋ᠨ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠮᠡᠳᠡᠷᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠲᠤᠷᠰᠢᠯᠲᠠ ᠶᠢᠨ ᠴᠡᠭ ᠤᠨ ᠭᠠᠴᠠᠭ᠎ᠠ ᠶᠢ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠨᠡᠷᠡᠲᠦ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭᠠᠵᠢᠭᠤᠯᠬᠤ ᠵᠡᠷᠭᠡ ᠠᠵᠢᠯ ᠢ ᠳᠡᠭᠡᠭᠰᠢᠯᠡᠭᠦᠯᠦᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠢᠭᠤᠯᠤᠯᠲᠠ ᠶᠢ ᠯᠠᠪᠳᠠᠭᠤᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    
       ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃        ᠪᠠᠶ ᠠᠶ ᠵᠢᠶᠦ᠋ᠨ ᠱᠠᠭᠠᠷᠳᠠᠬᠤ ᠳᠠᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠬᠦ ᠳᠤ ᠲᠤᠷᠰᠢᠯᠭ᠎ᠠ ᠬᠤᠷᠠᠮᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠤᠨ᠂ ᠰᠠᠭᠤᠷᠢ ᠪᠠᠨ ᠪᠠᠲᠤᠳᠬᠠᠬᠤ ᠬᠡᠷᠡᠭᠲᠡᠶ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠠᠴᠠ ᠣᠯᠭᠤᠭᠰᠠᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠲᠣᠭᠲᠠᠭᠤᠨ ᠪᠠᠶᠢᠯᠭᠠᠬᠤ ᠠᠵᠢᠯ ᠦᠢᠯᠡᠰ ᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃ ᠡᠯᠧᠺᠲᠷᠣᠨ ᠬᠤᠳᠠᠯᠳᠤᠭᠠᠨ ᠤ ᠲᠠᠪᠴᠠᠩ ᠢ ᠬᠥᠭᠵᠢᠭᠦᠯᠬᠦ ᠭᠡᠬᠦ ᠡᠨᠡ ᠬᠦ ᠠᠷᠠᠳ ᠤᠨ ᠠᠮᠢᠳᠤᠷᠠᠯ ᠠᠵᠤ ᠠᠬᠤᠢ ᠶᠢᠨ ᠰᠢᠪᠲᠤᠯᠤᠯᠲᠠ ᠶᠢᠨ ᠴᠡᠭ ᠢ ᠠᠳᠬᠤᠵᠤ᠂ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ ᠶᠢᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠰᠢᠨ᠎ᠡ ᠠᠵᠤ ᠠᠬᠤᠢ ᠶᠢ ᠬᠡᠷᠡᠭᠲᠡᠢ ᠭᠡᠵᠡᠢ᠃
       ᠪᠠᠶ ᠠᠶ ᠵᠢᠶᠦ᠋ᠨ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠨᠢ ᠮᠠᠯᠴᠢᠳ ᠪᠠ ᠵᠠᠬ᠎ᠠ ᠳᠡᠯᠭᠡᠭᠦᠷ ᠢ ᠬᠤᠯᠪᠣᠭᠰᠠᠨ ᠵᠠᠩᠭᠢᠯᠠᠭ᠎ᠠ ᠶᠢᠨ ᠭᠤᠭᠴᠤᠭ᠎ᠠ ᠪᠣᠯᠤᠭᠰᠠᠨ ᠤ ᠬᠤᠪᠢ ᠳᠤ ᠳᠡᠭᠡᠳᠦ ᠲᠠᠰ ᠤᠨ ᠪᠣᠬᠢᠷᠲᠤᠯ ᠦᠭᠡᠶ ᠮᠥᠷᠳᠡᠵᠦ ᠪᠣᠯᠬᠤ ᠰᠢᠨ᠎ᠡ ᠮᠠᠶ᠋ᠢᠭ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠲᠣᠯᠣᠭᠠᠶᠢᠯᠠᠭᠴᠢ ᠠᠵᠤ ᠠᠬᠤᠶᠢᠯᠠᠯ ᠢ ᠪᠠᠶᠢᠭᠤᠯᠬᠤ ᠪᠠᠷ ᠬᠠᠷᠠᠯᠲᠠ ᠪᠠᠨ ᠪᠣᠯᠭᠠᠬᠤ ᠬᠡᠷᠡᠭᠲᠡᠶ᠃ ᠠᠰᠢᠭ ᠲᠤᠰᠠ ᠶᠢᠨ ᠠᠶᠤᠯ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠳᠣᠲᠣᠭᠠᠳᠤ ᠬᠦᠳᠡᠯᠭᠡᠬᠦ ᠬᠦᠴᠦᠨ ᠢ ᠬᠥᠭᠵᠢᠭᠡᠨ᠂ ᠯᠠᠪᠳᠠᠭᠤᠨ ᠪᠠᠲᠤᠲᠠᠶ ᠠᠵᠢᠯ ᠤᠨ ᠠᠷᠭ᠎ᠠ ᠬᠡᠮᠵᠢᠶ᠎ᠡ ᠪᠠᠷ ᠮᠠᠯᠵᠢᠬᠤ ᠣᠷᠣᠨ ᠢ ᠨᠠᠩ ᠭᠤᠶᠤ᠂ ᠮᠠᠯ ᠠᠵᠤ ᠠᠬᠤᠶ ᠶᠢ ᠨᠠᠩ ᠬᠦᠴᠦᠷᠬᠡᠭ᠂ ᠮᠠᠯᠴᠢᠳ ᠢ ᠨᠠᠩ ᠪᠠᠶᠠᠨ ᠴᠢᠨᠡᠭᠡᠯᠢᠭ ᠪᠣᠯᠭᠠᠬᠤ ᠬᠡᠷᠡᠭᠲᠡᠢ ᠭᠡᠪᠡ᠃    
                                     ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号