ᠬᠤᠰᠢᠭᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠯᠪᠠᠨ ᠭᠡᠷ ᠤᠬᠤᠷ ᠬᠦᠰᠦᠨᠦᠭᠳᠦ ᠳᠤ ᠳᠠᠩᠰᠠᠯᠠᠬᠤ ᠱᠠᠲᠤᠨ ᠳᠠᠬᠢ ᠠᠵᠢᠯ ᠢ ᠰᠢᠯᠭᠠᠨ ᠬᠤᠷᠢᠶᠠᠨ ᠠᠪᠤᠪᠠ
ᠨᠡᠶᠢᠲᠡᠯᠡᠭᠰᠡᠨ ᠴᠠᠭ᠄
2020/11/20
       ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠶᠠᠰᠤ ᠴᠢᠨᠠᠷ ᠤᠨ ᠡᠵᠡᠮᠳᠡᠯ ᠤᠨ ᠡᠴᠦᠰ ᠳᠡᠬᠦᠰᠭᠡᠯ ᠳᠤ  ᠨᠢ ᠳᠤᠯᠳᠠᠯ᠎ᠠ ᠳᠤᠤᠱᠯᠠᠭᠤᠯᠵᠦ᠂ ᠡᠯ᠎ᠡ ᠭᠤᠭᠴᠤᠭ᠎ᠠ ᠳᠤ ᠪᠦᠬᠦ ᠶᠠᠪᠤᠴᠠ᠂ ᠪᠦᠬᠦ ᠳᠠᠯ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠡᠵᠡᠮᠳᠡᠬᠦ ᠶᠢ ᠭᠡᠷᠡᠭᠵᠢᠬᠦᠯᠪᠡ᠃ 11 ᠰᠠᠷ᠎ᠠ ᠶᠢᠨ 18 ᠤ ᠡᠳᠦᠷ᠂ ᠣᠷᠳᠣ ᠬᠦᠰᠦᠨᠦᠭᠳᠦ ᠳᠤ ᠳᠠᠩᠰᠠᠯᠠᠬᠤ ᠱᠠᠲᠤ ᠦᠶ᠎ᠡ ᠡᠬᠢᠯᠡᠬᠦ ᠲᠠᠰᠢᠷᠠᠮ ᠳᠤ᠂ ᠬᠤᠰᠢᠭᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠯᠪᠠᠨ ᠬᠡᠷ ᠵᠢᠴᠢ ᠡᠯ᠎ᠡ ᠰᠤᠮᠤ ᠪᠠᠯᠭᠠᠰᠦ ᠶᠢᠨ ᠶᠠᠰᠤ ᠴᠢᠨᠠᠷ ᠢ ᠡᠵᠡᠮᠳᠡᠬᠦ ᠳᠤᠭᠤᠶᠢᠯᠠᠩ ᠣᠬᠤᠷ ᠬᠦᠰᠦᠨᠦᠭᠳᠦ ᠳᠤ ᠳᠠᠩᠰᠠᠯᠠᠬᠤ ᠱᠠᠲᠤᠨ ᠳᠠᠬᠢ ᠠᠵᠢᠯ ᠢ ᠰᠢᠯᠭᠠᠨ ᠬᠤᠷᠢᠶᠠᠨ ᠠᠪᠤᠪᠠ᠃
               ᠲᠤᠰ ᠤᠳᠠᠭᠠᠨ ᠤ ᠰᠢᠯᠭᠠᠨ ᠬᠤᠷᠢᠶᠠᠬᠤ ᠠᠵᠢᠯ ᠢ ᠰᠤᠭᠤᠯᠤᠨ ᠪᠠᠶᠢᠴᠠᠭᠠᠬᠤ ᠬᠡᠯᠪᠡᠷᠢ ᠪᠠᠷ ᠶᠠᠪᠤᠭᠳᠠᠭᠤᠯᠵᠦ᠂ ᠡᠯ᠎ᠡ ᠰᠢᠯᠭᠠᠨ ᠬᠤᠷᠢᠶᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠳᠳᠠᠬᠤ ᠵᠢᠵᠢᠭ ᠲᠣᠭᠤᠷᠢᠭ ᠤᠨ ᠣᠷᠣᠨ ᠰᠠᠭᠤᠴᠠ ᠶᠢᠨ ᠨᠢᠭᠡᠴᠢ᠂ ᠳᠠᠩᠰᠠᠯᠠᠭᠤᠯᠤᠭᠰᠠᠨ ᠬᠥᠮᠦᠨ ᠠᠮᠠ᠂ ᠡᠷᠦᠬᠡ ᠠᠮᠠ ᠶᠢᠨ ᠳᠠᠩᠰᠠ ᠲᠠᠢ ᠬᠥᠮᠦᠨ ᠠᠮᠠ᠂ ᠲᠥᠷᠥᠭᠰᠡᠨ ᠬᠥᠮᠦᠨ ᠠᠮᠠ ᠪᠠ ᠥᠭᠦᠭᠰᠡᠨ ᠬᠥᠮᠦᠨ ᠠᠮᠠ ᠵᠡᠷᠭᠡ ᠵᠠᠩᠭᠢᠯᠠᠭ᠎ᠠ ᠶᠢᠨ ᠲᠤᠭ᠎ᠠ ᠪᠠᠷᠢᠮᠳᠠ ᠶᠢ ᠳᠠᠬᠢᠨ ᠳᠠᠪᠲᠠᠨ ᠬᠠᠷᠭᠤᠭᠤᠯᠵᠤ᠂ ᠡᠷᠦᠬᠡ ᠳᠤ ᠬᠦᠷᠴᠦ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠬᠡᠯᠪᠡᠷᠢ ᠪᠠᠷ ᠳᠠᠮᠵᠢᠭᠤᠯᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠣᠬᠤᠷ ᠬᠦᠰᠦᠨᠦᠭᠳᠦ ᠳᠤ ᠳᠠᠩᠰᠠᠯᠠᠬᠤ ᠱᠠᠲᠤ ᠦᠶ᠎ᠡ ᠶᠢᠨ ᠲᠤᠭ᠎ᠠ ᠪᠠᠷᠢᠮᠲᠠ ᠶᠢ ᠬᠢᠨᠠᠨ ᠪᠠᠶᠢᠴᠠᠭᠠᠵᠤ ᠰᠢᠯᠭᠠᠨ ᠬᠤᠷᠢᠶᠠᠨ ᠠᠪᠴᠦ᠂ ᠪᠤᠢ ᠪᠦᠬᠦᠢ ᠪᠠᠶᠢᠴᠠᠭᠠᠬᠤ ᠲᠥᠷᠥᠯ ᠵᠦᠢᠯ ᠢ ᠰᠢᠯᠭᠠᠨ ᠠᠪᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠳᠤᠯᠠᠵᠦ᠂ ᠠᠯᠳᠠᠭ᠎ᠠ ᠪᠤᠷᠤᠭᠤ ᠦᠭᠡᠶ ᠪᠠᠷ ᠲᠤᠰ ᠤᠳᠠᠭᠠᠨ ᠤ ᠠᠵᠢᠯ ᠤᠨ ᠶᠠᠰᠤ ᠴᠢᠨᠠᠷ ᠤᠨ ᠰᠢᠯᠭᠠᠨ ᠬᠤᠷᠢᠶᠠᠨ ᠠᠪᠬᠤ ᠶᠢ ᠦᠩᠭᠡᠷᠡᠬᠦᠯᠦᠨ᠎ᠡ᠃
               ᠳᠤᠰ ᠤᠳᠠᠭᠠᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠨᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠣᠬᠤᠷ ᠬᠦᠰᠦᠨᠦᠭᠲᠦ ᠶᠢᠨ ᠲᠤᠭ᠎ᠠ ᠪᠠᠷᠢᠮᠲᠠ ᠶᠢ ᠤᠯᠠᠮ ᠪᠠᠳᠤᠵᠢᠭᠤᠯᠵᠦ᠂ ᠪᠦᠬᠦ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠢᠯᠣᠭᠤᠳᠣᠭᠴᠢ ᠣᠬᠤᠷ ᠬᠦᠰᠦᠨᠦᠭᠲᠦ ᠶᠢᠨ ᠶᠠᠰᠤ ᠴᠢᠨᠠᠷ ᠢ ᠰᠢᠯᠭᠠᠨ ᠬᠤᠷᠢᠶᠠᠨ ᠠᠪᠬᠤ ᠲᠥᠰᠦᠯ ᠤᠨ ᠶᠤᠰᠤᠭᠠᠷ ᠬᠦᠢᠴᠡᠳᠭᠡᠨ᠂ ᠤᠷᠲᠤ ᠬᠦᠰᠦᠨᠦᠭᠲᠦ ᠶᠢ ᠳᠠᠩᠰᠠᠯᠠᠬᠤ ᠠᠵᠢᠯ ᠢ ᠨᠠᠷᠢᠨ ᠬᠢᠨᠠᠮᠠᠭᠠᠢ ᠪᠡᠶᠡᠯᠡᠬᠦᠯᠵᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠳᠤ ᠰᠠᠭᠤᠷᠢ ᠲᠠᠯᠪᠢᠵᠤ ᠥᠭᠴᠡᠶ᠃
                                 ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号