ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 50 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2020/11/23
       2020 ᠣᠨ ᠤ 11 ᠰᠠᠷ᠎ᠠ ᠶᠢᠨ 21 ᠤ ᠡᠳᠦᠷ ᠤᠨ 7 ᠴᠠᠭ ᠠᠴᠠ 2020 ᠣᠨ ᠤ 11 ᠰᠠᠷ᠎ᠠ ᠶᠢᠨ 21 ᠤ ᠡᠳᠦᠷ ᠤᠨ 16 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠠᠴᠠ ᠲᠤᠰ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠵᠦ᠂ ᠪᠦᠷ ᠬᠦᠯᠦᠨ ᠪᠣᠶᠢᠷ ᠤᠨ ᠮᠠᠨᠵᠤᠤᠷ ᠬᠤᠲᠠ ᠳᠤ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠪᠣᠯᠣᠨ᠎ᠠ ᠭᠡᠵᠦ ᠮᠡᠳᠡᠭᠳᠡᠵᠡᠢ᠂ ︽ᠭᠠᠳᠠᠭᠠᠳᠤ ᠠᠴᠠ ᠣᠷᠤᠭᠤᠯᠬᠤ ᠶᠢ ᠰᠡᠷᠭᠡᠶᠢᠯᠡᠨ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄        ᠨᠢᠭᠡ᠂ 2020 ᠣᠨ ᠤ 11 ᠰᠠᠷ᠎ᠠ ᠶᠢᠨ 7 ᠤ ᠡᠳᠦᠷ ︵ᠪᠠᠭᠲᠠᠭᠠᠨ᠎ᠠ︶ ᠠᠴᠠ ᠨᠠᠰᠢ᠂ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠠᠴᠠ ᠮᠠᠨ ᠤ ᠬᠤᠰᠢᠭᠤᠨ ᠳᠤ ᠢᠷᠡᠭᠰᠡᠳ᠂ ᠣᠨᠴᠠᠭᠠᠶᠢᠯᠠᠨ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠲᠠᠢ ᠠᠶᠠᠨ ᠵᠠᠮ ᠳᠡᠭᠡᠷ᠎ᠡ ᠤᠴᠠᠷᠠᠭᠰᠠᠨ ᠬᠦᠮᠦᠰ᠂ ᠰᠠᠭᠤᠭ᠎ᠠ ᠨᠡᠶᠢᠭᠡᠮ ︵ᠭᠠᠴᠠᠭ᠎ᠠ︶ ᠲᠠᠭᠠᠨ ᠳᠠᠷᠤᠶᠢᠬᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠮᠠᠨ ᠤ ᠬᠤᠰᠢᠭᠤᠨ ᠤ ᠢᠷᠡᠭᠰᠡᠳ 7 ᠡᠳᠦᠷ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠲᠠᠢ ᠮᠡᠳᠡᠭᠦᠯᠦᠯᠲᠡ ᠬᠢᠵᠦ᠂ ᠪᠡᠶ᠎ᠡ ᠶᠢᠨ ᠳᠤᠯᠠᠭᠠᠨ ᠨᠢ ᠬᠡᠪ ᠤᠨ ᠮᠦᠷᠲᠡᠭᠡᠨ ᠬᠤᠪᠢ ᠬᠦᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠳᠠᠯ ᠳᠣᠣᠷ᠎ᠠ ᠴᠢᠯᠦᠭᠡᠲᠡᠢ ᠡᠮᠬᠢ ᠵᠢᠷᠤᠮ ᠲᠠᠢ ᠬᠦᠳᠡᠯᠭᠡᠭᠡᠨ ᠬᠢᠵᠦ ᠪᠣᠯᠣᠨ᠎ᠠ᠃ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠬᠠᠩᠭᠠᠵᠤ ᠴᠢᠳᠠᠬᠤ ᠦᠭᠡᠢ ᠬᠦᠮᠦᠰ᠂ ᠬᠠᠮᠤᠭ ᠲᠡᠷᠢᠭᠦᠨ ᠳᠤ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠲᠤᠰᠠᠭᠠᠷᠯᠠᠯ ᠬᠢᠬᠦ ᠶᠢᠨ ᠬᠠᠮᠲᠤ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠤᠨ ᠨᠢ ᠪᠢᠯᠢᠭ ᠴᠢᠨᠠᠷ ᠲᠠᠢ ᠮᠦᠷᠲᠡᠭᠡᠨ ᠪᠡᠶ᠎ᠡ ᠶᠢᠨ ᠳᠤᠯᠠᠭᠠᠨ ᠨᠢ ᠬᠡᠪ ᠤᠨ ᠬᠦᠮᠦᠰ ᠡᠮᠬᠢ ᠵᠢᠷᠤᠮ ᠲᠠᠢ ᠪᠠᠷ ᠨᠠᠰᠢ ᠴᠠᠰᠢ ᠰᠢᠯᠵᠢᠵᠦ ᠪᠣᠯᠣᠨ᠎ᠠ᠃        ᠬᠤᠶᠠᠷ᠂ ᠡᠯ᠎ᠡ ᠰᠣᠮᠣ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠮ ᠡᠮᠴᠢᠯᠡᠭᠡᠨ ᠤ ᠪᠠᠶᠢᠭᠤᠯᠤᠮᠵᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠯᠲᠠ ᠦᠷᠨᠢᠭᠦᠯᠵᠦ᠂ ᠲᠤᠰ ᠨᠢᠭᠡᠴᠡ ᠶᠢᠨ ᠠᠵᠢᠯᠲᠠᠨ ᠵᠢᠴᠢ ᠭᠡᠷ ᠪᠦᠯᠢ ᠶᠢᠨ ᠬᠦᠮᠦᠰ ᠤᠨ ᠮᠠᠨᠵᠤᠤᠷ ᠬᠤᠲᠠ ᠳᠤ ᠬᠦᠷᠴᠦ ᠦᠩᠭᠡᠷᠡᠭᠰᠡᠨ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠬᠡᠷᠡᠭᠲᠡᠢ᠃ ᠡᠭᠦᠨ ᠤ ᠬᠠᠮᠲᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ︶ ᠲᠤ ᠮᠡᠳᠡᠭᠦᠯᠬᠦ ᠬᠡᠷᠡᠭᠲᠡᠢ᠃ ᠡᠯ᠎ᠡ ᠵᠣᠴᠢᠳ ᠤᠨ ᠪᠠᠭᠤᠳᠠᠯ ᠵᠡᠷᠭᠡ ᠬᠤᠨᠣᠭᠯᠠᠬᠤ ᠭᠠᠵᠠᠷ ᠤᠳ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠵᠤ᠂ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃        ᠭᠤᠷᠪᠠ᠂ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠠᠴᠠ ᠮᠠᠨ ᠤ ᠬᠤᠰᠢᠭᠤᠨ ᠳᠤ ᠢᠷᠡᠭᠰᠡᠨ ᠪᠦᠭᠡᠳ 7 ᠡᠳᠦᠷ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠲᠠᠢ ᠮᠡᠳᠡᠭᠦᠯᠦᠯᠲᠡ ᠬᠢᠭᠰᠡᠨ ᠬᠦᠮᠦᠰ᠂ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠦᠪᠡᠷ ᠢᠶᠠᠨ ᠬᠢᠵᠦ᠂ ᠬᠤᠪᠢ ᠬᠦᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠬᠡᠷᠪᠡ ᠬᠠᠯᠠᠭᠤᠷᠠᠬᠤ᠂ ᠠᠮᠢᠰᠬᠤᠯ ᠤᠨ ᠵᠠᠮ ᠵᠢᠴᠢ ᠪᠣᠰᠣᠳ ᠰᠡᠵᠢᠭ  ᠲᠠᠢ ᠡᠪᠡᠳᠴᠢᠨ ᠤ ᠢᠯᠡᠷᠡᠯ ᠭᠠᠷᠪᠠᠯ ᠴᠠᠭ ᠲᠤᠬᠠᠢ ᠳᠤᠨᠢ ᠣᠶᠢᠷ᠎ᠠ ᠬᠠᠪᠢ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠡᠮᠨᠡᠭᠦᠯᠵᠦ᠂ ᠡᠮᠨᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠨ᠎ᠡ᠃        ᠳᠦᠷᠪᠡ᠂ ᠪᠣᠢ ᠪᠦᠬᠦᠢ ᠭᠤᠣᠯᠳᠠᠯᠭ᠎ᠠ ᠲᠠᠢ ᠲᠠᠯᠠᠪᠤᠷ ᠭᠠᠵᠠᠷ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠳᠬᠠᠵᠤ᠂ ᠶᠠᠪᠤᠵᠤ ᠰᠠᠭᠤᠭ᠎ᠠ ᠬᠦᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠣᠷᠣᠵᠤ ᠢᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠪᠣᠢ ᠪᠦᠬᠦᠢ ᠬᠦᠮᠦᠰ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ︽ᠴᠢᠬᠤᠯᠠ ᠦᠭᠡᠢ ᠪᠣᠯ ᠡᠷᠬᠢᠯᠡᠬᠦ ᠦᠭᠡᠢ︾ ᠪᠠᠶᠢᠬᠤ ᠵᠠᠷᠴᠢᠮ ᠢ ᠪᠠᠷᠢᠮᠲᠠᠯᠠᠵᠤ᠂ ᠦᠨᠡᠨᠬᠦ ᠡᠷᠬᠢᠯᠡᠬᠦ ᠴᠢᠬᠤᠯᠠᠲᠠᠢ ᠪᠣᠯ ᠵᠢᠯᠣᠭᠤᠳᠬᠤ ᠭᠠᠵᠠᠷ ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠴᠢᠬᠤᠯᠠᠲᠠᠢ ᠪᠦᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃        ᠲᠠᠪᠤ᠂ ᠬᠤᠪᠢ ᠬᠦᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠯᠡᠵᠦ᠂ ᠬᠦᠮᠦᠨ ᠬᠠᠷ᠎ᠠ ᠴᠤᠭᠯᠠᠷᠠᠬᠤ ᠶᠢ ᠪᠠᠭᠠᠰᠬᠠᠨ᠂ ᠭᠠᠷ ᠢᠶᠠᠨ ᠦᠷᠬᠦᠯᠵᠢ ᠤᠬᠢᠶᠠᠵᠤ᠂ ᠦᠷᠬᠦᠯᠵᠢ ᠰᠠᠯᠬᠢ ᠨᠡᠪᠲᠡᠷᠡᠭᠦᠯᠦᠨ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠶᠢ ᠠᠩᠬᠠᠷᠴᠤ᠂ ᠣᠶᠢᠷ᠎ᠠ ᠶᠢᠨ ᠬᠤᠭᠤᠴᠠᠭᠠᠨ ᠳᠤ ᠱᠠᠩᠬᠠᠢ ᠬᠤᠲᠠ᠂ ᠲᠢᠶᠠᠨᠵᠢᠨ ᠬᠤᠲᠠ᠂ ᠮᠠᠨᠵᠤᠤᠷ ᠬᠤᠲᠠ ᠵᠡᠷᠭᠡ ᠭᠠᠵᠠᠷ ᠣᠷᠣᠨ ᠳᠤ ᠣᠴᠢᠬᠤ ᠦᠭᠡᠢ ᠪᠠᠶᠢᠬᠤ ᠶᠢ ᠣᠯᠠᠨ ᠲᠦᠮᠡᠨ ᠳᠤ ᠰᠠᠨᠠᠭᠤᠯᠤᠶ᠎ᠠ᠃        ᠵᠢᠷᠭᠤᠭ᠎ᠠ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠡᠭᠦᠳᠡᠨ ᠡᠮᠨᠡᠯᠭᠡ ᠶᠢᠨ ᠡᠮᠦᠨ᠎ᠡ ᠡᠭᠦᠳᠡᠨ ︵ᠤᠤᠯ ᠤᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠭᠠᠵᠠᠷ︶ ᠳᠤ ᠪᠦᠭᠡᠮ ᠬᠦᠴᠢᠯ ᠤᠨ ᠪᠠᠶᠢᠴᠠᠭᠠᠯᠲᠠ ᠶᠢᠨ ᠦᠯᠢᠭᠡᠷ ᠠᠪᠬᠤ ᠴᠡᠭ ᠭᠠᠷᠭᠠᠪᠠ᠃ ᠦᠯᠢᠭᠡᠷ ᠠᠪᠬᠤ ᠴᠠᠭ᠄ 8᠄ 30 - 12᠄ 00᠂ 14᠄ 30 - 17᠄ 30᠂ ᠬᠠᠷᠢᠯᠴᠠᠬᠤ ᠤᠲᠠᠰᠤ᠄ 6401976                   ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ                   ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                          2020 ᠣᠨ ᠤ 11 ᠰᠠᠷ᠎ᠠ ᠶᠢᠨ 21 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号