11 ᠰᠠᠷ᠎ᠠ ᠶᠢᠨ 19 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢ ᠸᠧᠶ ᠳ᠋ᠦᠩ ᠨᠠᠷ ᠮᠠᠨ ᠤ ᠬᠤᠰᠢᠭᠤᠨ ᠳᠤ ᠢᠷᠡᠵᠦ᠂ ᠮᠠᠨ ᠤ ᠬᠤᠰᠢᠭᠤᠨ ᠤ ᠣᠯᠠᠨ ᠨᠡᠶᠢᠲᠡ ᠶᠢᠨ | ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶ ᠪᠠᠶᠢᠴᠠᠭᠠᠨ ᠰᠣᠳᠣᠯᠵᠤ | ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠨᠠᠷᠠᠰᠤ᠂ ᠰᠢᠤᠢ ᠭᠠᠩ ᠢ᠂ ᠪᠦᠦ ᠱᠦᠶ ᠬᠤᠸᠠ᠂ ᠰᠤ᠋ ᠹᠧᠩ | ᠨᠢᠩ ᠵᠢᠴᠢ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | | ᠯᠢ ᠸᠧᠢ ᠳ᠋ᠦᠩ ᠨᠠᠷ ᠤᠷᠢᠳ ᠬᠤᠵᠢᠳ ᠰᠡᠭᠡᠭᠡᠲᠡᠨ ᠮᠦᠽᠧᠢ᠂ ᠵᠠᠩ ᠦᠢᠯᠡ ᠰᠣᠶᠣᠯ ᠤᠨ ᠠᠵᠤ | ᠦᠢᠯᠡᠰ ᠤᠨ ᠬᠦᠷᠢᠶᠡᠯᠡᠩ᠂ ᠦᠨᠳᠦᠰᠦᠲᠡᠨ ᠤ ᠰᠣᠶᠣᠯ ᠤᠨ ᠲᠥᠪ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠣᠳᠣᠯᠣᠯᠲᠠ ᠬᠢᠵᠡᠢ᠃ ᠨᠠᠷᠠᠰᠤ ᠮᠠᠨ ᠤ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠯᠢᠭ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠳᠦᠰᠦᠨ ᠱᠠᠲᠤᠨ ᠤ ᠰᠣᠶᠣᠯ ᠤᠨ | ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠠᠷᠠᠳ ᠲᠦᠮᠡᠨ ᠤ ᠰᠣᠶᠣᠯ ᠤᠨ ᠡᠷᠬᠡ ᠠᠰᠢᠭ ᠢ | ᠪᠠᠲᠤᠯᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠷᠠᠳ ᠣᠯᠠᠨ ᠤ ᠦᠨᠳᠦᠰᠦᠨ ᠰᠣᠶᠣᠯ ᠤᠨ | ᠬᠡᠷᠡᠭᠴᠡᠭᠡ ᠶᠢ ᠨᠠᠩ ᠰᠠᠶᠢᠨ ᠬᠠᠩᠭᠠᠵᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠯᠲᠠ ᠳᠤ | ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠢᠯᠡᠷᠡᠪᠡ᠃ | | | | ᠯᠢ ᠸᠧᠶ ᠳ᠋ᠦᠩ ᠮᠠᠨ ᠤ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠦᠢᠴᠡᠳ ᠨᠤᠲᠠᠯᠠᠵᠤ᠂ ᠳᠠᠷᠠᠭᠠᠴᠢ ᠶᠢᠨ ᠠᠵᠢᠯ ᠳᠤᠮᠳᠠ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ᠂ ᠲᠥᠯᠥᠪᠦᠷᠢ ᠦᠭᠡᠶ ᠪᠠᠷ ᠨᠡᠭᠡᠭᠡᠯᠲᠡ ᠬᠢᠬᠦ᠂ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠵᠡᠷᠭᠡ ᠲᠠᠯ᠎ᠠ ᠪᠠᠷ ᠲᠡᠭᠦᠯᠳᠡᠷᠵᠢᠭᠦᠯᠵᠦ᠂ ᠲᠣᠭᠠᠴᠢᠯᠠᠭᠰᠠᠨ ᠵᠠᠭᠤᠴᠢᠯᠠᠭᠤᠷ ᠪᠣᠯᠤᠨ ᠢᠨᠲ᠋ᠧᠷ | ᠰᠦᠯᠵᠢᠶ᠎ᠡ ᠶᠢᠨ ᠲᠠᠪᠴᠠᠩ ᠢ ᠭᠦᠢᠴᠡᠳ ᠠᠰᠢᠭᠯᠠᠨ ᠰᠣᠶᠣᠯ ᠤᠨ ᠦᠢᠯᠡᠰ ᠢ ᠪᠦᠬᠦ ᠬᠤᠰᠢᠭᠤᠨ ᠤ ᠥᠨᠴᠥᠭ | ᠪᠤᠯᠤᠩ ᠪᠣᠯᠭᠠᠨ ᠳᠤ ᠪᠦᠷᠬᠦᠭᠦᠯᠵᠦ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ | ᠨᠠᠩ ᠰᠠᠶᠢᠲᠤᠷ ᠬᠠᠩᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃ | | | | | ᠣᠷᠴᠢᠭᠤᠯᠤᠭᠴᠢ᠄ ᠦᠷᠴᠠᠶᠢᠬᠤ | | |