11 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠨᠠᠷᠠᠰᠤ ᠪᠠᠯᠭᠠᠰᠤᠨ ᠤ | ᠲᠣᠭᠤᠷᠢᠭ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠵᠦ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠵᠢᠯ ᠢ ᠴᠢᠩᠭ᠎ᠠ ᠪᠣᠳᠠᠲᠠᠶ ᠲᠦᠷᠭᠡᠨ ᠠᠳᠬᠤᠬᠤ ᠭᠡᠷᠡᠭᠳᠡᠢ᠃ ︽ᠪᠡᠯᠡᠳᠬᠡᠯ ᠲᠠᠢ ᠳᠠᠶᠢᠨ︾ ᠢ ᠰᠠᠶᠢᠲᠤᠷ | ᠬᠢᠵᠦ᠂ ᠪᠡᠯᠡᠳᠬᠡᠯ ᠲᠠᠢ ᠪᠣᠯ ᠪᠠᠯᠠᠳᠠᠬᠤ ᠦᠬᠡᠢ᠂ ᠳᠤᠯᠭᠠᠮᠳᠠᠵᠦ ᠰᠠᠮᠠᠭᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ ᠭᠡᠵᠦ | ᠴᠢᠬᠤᠯᠠᠴᠢᠯᠠᠵᠠᠢ᠃ ᠸᠠᠩ ᠳ᠋ᠦᠩ᠂ ᠤᠯᠠᠭᠠᠨᠳᠤᠶᠠᠭ᠎ᠠ ᠪᠠᠷ᠎ᠠ ᠪᠤᠯᠤᠯᠴᠠᠪᠠ᠃ | | | | | ᠨᠠᠷᠠᠰᠤ ᠤᠷᠢᠳ ᠬᠤᠵᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ | ᠡᠮᠨᠡᠯᠭᠡ᠂ ᠡᠮᠴᠢᠯᠡᠭᠡᠨ ᠤ ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠬᠤ ᠬᠥᠮᠥᠷᠭᠡ᠂ ᠡᠪᠡᠳᠴᠢᠨ ᠡᠮᠭᠡᠭ ᠢ | ᠬᠢᠵᠠᠭᠠᠷᠯᠠᠬᠤ ᠲᠥᠪ ᠲᠤ ᠬᠦᠷᠴᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠵᠡᠷᠭᠡ ᠪᠠᠶᠢᠳᠠᠯ ᠢ ᠨᠠᠷᠢᠯᠢᠭ ᠤᠶᠢᠯᠠᠭᠠᠵᠦ ᠴᠢᠬᠤᠯᠠᠴᠢᠯᠠᠬᠤ ᠳᠠᠭᠠᠨ᠂ ᠣᠳᠣᠬᠠᠨ ᠤ ᠬᠢᠵᠢᠭ ᠤᠨ | ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠯᠠᠭᠤᠷᠠᠬᠤ ᠡᠭᠦᠳᠡᠨ ᠡᠮᠨᠡᠯᠭᠡ ᠶᠢᠨ ᠬᠠᠷᠠᠭᠤᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠵᠦ᠂ | ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃ | ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠤᠨ᠂ ᠠᠮᠠᠪᠴᠢ᠂ ᠤᠷᠪᠠᠯᠵᠢ᠂ ᠪᠠᠭᠠᠵᠢ | ᠬᠡᠷᠡᠭᠰᠡᠯ᠂ ᠬᠠᠮᠠᠭᠠᠯᠠᠯᠲᠠ ᠶᠢᠨ ᠬᠡᠷᠡᠭᠰᠡᠯ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠪᠠ | ᠰᠢᠯᠵᠢᠭᠦᠯᠦᠨ ᠲᠡᠭᠡᠭᠡᠪᠦᠷᠢᠯᠡᠬᠦ ᠶᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ ᠬᠦᠢᠴᠡᠳ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠮᠨᠡᠯᠭᠡ ᠶᠢᠨ ᠠᠵᠢᠯᠲᠠᠨ ᠤ ᠬᠤᠪᠢ ᠬᠥᠮᠦᠨ ᠤ ᠬᠠᠮᠠᠭᠠᠯᠠᠯᠲᠠ ᠶᠢ | ᠦᠷᠭᠦᠯᠵᠢᠯᠡᠨ ᠰᠠᠶᠢᠲᠤᠷ ᠬᠢᠵᠦ᠂ ᠡᠮᠨᠡᠯᠭᠡ ᠪᠠᠷ ᠤᠷᠤᠵᠦ ᠭᠠᠷᠤᠭᠰᠠᠳ ᠤᠨ ᠪᠡᠶ᠎ᠡ ᠶᠢᠨ ᠳᠤᠯᠠᠭᠠᠨ ᠤ ᠪᠠᠶᠢᠴᠠᠭᠠᠯᠲᠠ᠂ | ᠡᠪᠡᠳᠴᠢᠲᠡᠨ ᠤ ᠥᠷᠥᠭᠡ ᠶᠢ ᠡᠷᠭᠢᠵᠦ ᠦᠵᠡᠬᠦ ᠬᠠᠮᠢᠶᠠᠷᠤᠯᠳᠠ ᠶᠢᠨ ᠳᠦᠷᠢᠮ ᠢ ᠴᠢᠩᠭᠠᠳᠬᠠᠵᠤ᠂ ᠡᠮᠨᠡᠭᠦᠯᠬᠦ | ᠳᠦᠷᠢᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠪᠠᠳᠤᠯᠠᠵᠦ᠂ ᠡᠮᠨᠡᠯᠭᠡ ᠶᠢᠨ ᠬᠤᠷᠢᠶᠠᠨ ᠳᠤ ᠰᠣᠯᠪᠢᠴᠠᠨ | ᠬᠠᠯᠳᠠᠪᠤᠷᠢᠯᠠᠬᠤ ᠶᠢ ᠡᠷᠡᠰ ᠰᠡᠷᠭᠡᠶᠢᠯᠡᠨ᠎ᠡ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠶᠡᠬᠡᠪᠡᠷ ᠴᠢᠩᠭᠠᠳᠬᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠬᠦ ᠤᠬᠠᠮᠰᠠᠷ ᠢ ᠨᠢ ᠨᠡᠮᠡᠭᠳᠡᠭᠦᠯᠵᠦ᠂ ᠰᠡᠷᠭᠡᠶᠢᠯᠡᠬᠦ ᠡᠩ ᠤᠨ | ᠮᠡᠳᠡᠯᠭᠡ ᠶᠢ ᠡᠵᠡᠮᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠠᠲᠠᠭᠤ ᠳᠠᠶᠢᠯᠠᠯᠳᠤᠭᠠᠨ ᠤ | ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠶ ᠬᠡᠵᠡᠢ᠃ | | | | | ᠨᠠᠷᠠᠰᠦ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ᠂ ᠡᠭᠦᠳᠡᠨ ᠬᠠᠷᠠᠭᠤᠯ ᠤᠨ ᠵᠢᠵᠢᠭᠦᠷ᠂ | ᠰᠤᠷᠭᠠᠭᠤᠯᠢ ᠶᠢᠨ ᠬᠦᠷᠢᠶᠡᠨ ᠤ ᠠᠷᠢᠭᠤᠳᠬᠠᠯ᠂ ᠣᠷᠴᠢᠨ ᠲᠣᠭᠤᠷᠢᠨ ᠤ ᠵᠠᠰᠠᠯᠲᠠ᠂ ᠬᠢᠵᠢᠭ ᠤᠨ ᠮᠡᠳᠡᠯᠭᠡ ᠶᠢᠨ | ᠤᠬᠠᠭᠤᠯᠭ᠎ᠠ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠲᠤᠬᠢᠷᠠᠭᠤᠯᠤᠯᠳᠠ ᠵᠡᠷᠭᠡ ᠪᠠᠶᠢᠳᠠᠯ ᠢ ᠪᠠᠶᠢᠴᠠᠭᠠᠨ ᠦᠵᠡᠬᠦ | ᠳᠡᠭᠡᠨ᠂ ᠪᠠᠭᠰᠢ ᠠᠵᠢᠯᠲᠠᠨ᠂ ᠰᠤᠷᠤᠭᠴᠢᠳ ᠤᠨ ᠪᠠᠶᠢᠳᠠᠯ ᠢ ᠤᠶᠢᠯᠠᠭᠠᠨ ᠳᠠᠩᠰᠠᠯᠠᠬᠤ᠂ ᠰᠤᠷᠭᠠᠭᠤᠯᠢ ᠶᠢᠨ ᠬᠦᠷᠢᠶ᠎ᠡ ᠶᠢ | ᠠᠷᠢᠭᠤᠨ ᠴᠡᠪᠡᠷ ᠪᠠᠶᠢᠯᠭᠠᠬᠤ᠂ ᠠᠷᠢᠭᠤᠳᠬᠠᠨ ᠪᠠᠺᠲ᠋ᠧᠷᠢ ᠤᠰᠠᠳᠬᠠᠬᠤ ᠵᠡᠷᠭᠡ ᠠᠵᠢᠯ ᠢ ᠰᠠᠶᠢᠲᠤᠷ ᠬᠢᠵᠦ᠂ | ᠰᠡᠷᠭᠡᠶᠢᠯᠡᠨ ᠡᠵᠡᠮᠳᠡᠬᠦ ᠡᠳ᠋ ᠪᠣᠳᠠᠰ ᠢ ᠰᠠᠶᠢᠲᠤᠷ ᠪᠡᠯᠡᠳᠬᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠲᠥᠰᠦᠯ | ᠲᠣᠭᠲᠠᠭᠠᠵᠤ᠂ ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠦᠷᠢᠵᠢᠭᠤᠯᠤᠨ᠂ ᠭᠤᠤᠯᠳᠠᠯᠭ᠎ᠠ ᠲᠠᠢ ᠭᠤᠭᠴᠤᠭ᠎ᠠ ᠶᠢ ᠳᠤᠪᠤᠶᠢᠮ᠎ᠠ ᠰᠠᠶᠢᠲᠤᠷ ᠠᠳᠬᠤᠵᠤ᠂ | ᠬᠤᠨᠤᠭ ᠢᠳᠡᠭᠡᠨ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠬᠢᠷᠠᠭᠤᠯᠤᠨ᠎ᠠ᠃ ᠤᠳᠤ ᠠᠭᠤᠷ ᠠᠮᠢᠰᠬᠤᠯ | ᠬᠦᠢᠳᠡᠷᠡᠵᠦ ᠪᠠᠶᠢᠭ᠎ᠠ ᠪᠣᠯᠬᠤᠷ ᠬᠡᠤᠬᠡᠳ ᠤᠨ ᠡᠳᠦᠷ ᠲᠤᠲᠤᠮ ᠤᠨ ᠬᠠᠮᠠᠭᠠᠯᠠᠯᠲᠠ ᠶᠢ ᠰᠠᠶᠢᠲᠤᠷ ᠬᠢᠬᠦ ᠶᠢ ᠬᠥᠲᠥᠯᠥᠨ | ᠵᠢᠯᠣᠭᠤᠳᠴᠤ᠂ ᠰᠤᠷᠭᠠᠭᠤᠯᠢ ᠶᠢᠨ ᠬᠦᠷᠢᠶᠡᠨ ᠤ ᠰᠤᠷᠤᠯᠭ᠎ᠠ ᠠᠮᠢᠳᠤᠷᠠᠯ ᠤᠨ ᠠᠮᠤᠷ ᠲᠦᠪᠰᠢᠨ ᠡᠮᠬᠢ ᠵᠢᠷᠤᠮ ᠲᠠᠢ | ᠪᠠᠶᠢᠬᠤ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠶ ᠭᠡᠵᠡᠢ᠃ | | | | | ᠨᠠᠷᠠᠰᠤ ᠪᠠᠰᠠ ᠬᠡᠲᠦ ᠳᠡᠯᠭᠡᠭᠦᠷ ᠢᠶᠠᠷ ᠣᠷᠣᠵᠤ᠂ ᠢᠳᠡᠭᠡᠨ ᠤ ᠵᠦᠢᠯ ᠬᠤᠳᠠᠯᠳᠤᠨ ᠠᠪᠬᠤ ᠵᠠᠮ᠂ | ᠬᠠᠩᠭᠠᠯᠭ᠎ᠠ ᠶᠢᠨ ᠪᠠᠶᠢᠳᠠᠯ᠂ ᠬᠠᠳᠠᠭᠠᠯᠠᠯᠲᠠ ᠶᠢᠨ ᠣᠷᠴᠢᠨ ᠲᠣᠭᠤᠷᠢᠨ ᠵᠡᠷᠭᠡ ᠶᠢ ᠤᠶᠢᠯᠠᠭᠠᠬᠤ ᠳᠠᠭᠠᠨ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠢᠳᠡᠭᠡᠨ ᠤ ᠵᠦᠢᠯ ᠢ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠬᠠᠳᠠᠭᠠᠯᠠᠬᠤ᠂ | ᠳᠡᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠳᠠᠬᠢ ᠪᠦᠬᠦ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠴᠢᠨᠠᠷ | ᠴᠢᠨᠰᠠᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ᠬᠤᠰᠢᠭᠤᠨ ᠤ ᠦᠢᠯᠡᠳᠪᠦᠷᠢᠯᠡᠯ ᠠᠮᠢᠳᠤᠷᠠᠯ ᠤᠨ ᠡᠳ᠋ | ᠪᠤᠳᠠᠰ ᠤᠨ ᠡᠳᠦᠷ ᠲᠤᠲᠤᠮ ᠤᠨ ᠬᠠᠩᠭᠠᠯᠭ᠎ᠠ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ | ᠠᠮᠤᠷ ᠲᠦᠪᠰᠢᠨ︾ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠭᠡᠵᠡᠢ᠃ | | | ᠤᠷᠴᠢᠭᠤᠯᠤᠭᠴᠢ᠄ ᠴᠡᠴᠡᠭ |