ᠪᠦᠬᠡᠪᠠᠶᠠᠷ ᠪᠠᠯᠭᠠᠰᠤᠨ ᠤ ᠲᠣᠭᠤᠷᠢᠭ ᠲᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/11/24
       11 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠬᠡᠪᠠᠶᠠᠷ ᠪᠠᠯᠭᠠᠰᠤᠨ ᠤ ᠲᠣᠭᠤᠷᠢᠭ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾᠂ ᠬᠠᠬᠢᠷ ᠬᠦᠢᠲᠡᠨ ᠴᠠᠰᠤ ᠰᠢᠭᠤᠷᠭ᠎ᠠ ᠶᠢ ᠰᠡᠷᠭᠡᠶᠢᠯᠡᠨ ᠠᠷᠭᠠᠴᠠᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠪᠠ᠃ ᠸᠠᠩ ᠳ᠋ᠦᠩ᠂ ᠵᠠᠩ ᠮᠠᠨᠳᠠ᠂ ᠰᠢᠤᠢ ᠭᠠᠩ ᠢ᠂ ᠤᠯᠠᠭᠠᠨᠲᠤᠶᠠᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠣᠴᠢᠪᠠ᠃
             ᠪᠦᠬᠡᠪᠠᠶᠠᠷ ᠤᠷᠢᠳ ᠬᠤᠵᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠡᠮᠴᠢᠯᠡᠭᠡᠨ ᠤ ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠬᠤ ᠬᠠᠳᠠᠭᠠᠯᠠᠮᠵᠢ ᠶᠢᠨ ᠬᠥᠮᠥᠷᠭᠡ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠣᠯᠤᠨ ᠠᠷᠠᠳ ᠤᠨ ᠡᠮ ᠤᠨ ᠳᠡᠯᠭᠡᠭᠦᠷ ᠲᠤ ᠬᠦᠷᠴᠦ᠂ ᠣᠳᠣᠬᠠᠨ ᠤ ᠬᠢᠵᠢᠭ ᠤᠨ ᠪᠠᠶᠢᠳᠠᠯ ᠤᠨ ᠡᠮᠴᠢᠯᠡᠭᠡᠨ ᠤ ᠡᠳ᠋ ᠪᠣᠳᠠᠰ ᠤᠨ ᠨᠥᠭᠡᠴᠡ ᠶᠢᠨ ᠪᠠᠶᠢᠳᠠᠯ ᠢ ᠨᠠᠷᠢᠯᠢᠭ ᠤᠶᠢᠯᠠᠭᠠᠬᠤ ᠳᠠᠭᠠᠨ᠂ ᠠᠷᠠᠳ ᠣᠯᠠᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠳᠠᠶᠢᠨ ᠤ ᠦᠶ᠎ᠡ ᠶᠢᠨ ᠪᠠᠶᠢᠳᠠᠯ᠂ ᠳᠠᠶᠢᠨ ᠤ ᠦᠶ᠎ᠡ ᠶᠢᠨ ᠠᠷᠭ᠎ᠠ ᠬᠡᠮᠵᠢᠶ᠎ᠡ ᠪᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠦᠴᠦᠲᠡᠶ ᠪᠥᠭᠡᠳ ᠪᠦᠲᠦᠮᠵᠢᠲᠡᠶ ᠠᠷᠭᠠᠴᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨ ᠬᠦ ᠪᠠᠲᠤᠯᠠᠨ᠎ᠠ᠃ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠲᠥᠰᠦᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠴᠢᠩᠭ᠎ᠠ ᠪᠣᠳᠠᠲᠠᠶ ᠠᠳᠬᠤᠬᠤ ᠬᠡᠷᠡᠭᠲᠡᠶ᠃ ᠡᠯ᠎ᠡ ᠵᠦᠢᠯ ᠤᠨ ᠡᠮᠴᠢᠯᠡᠭᠡᠨ ᠤ ᠡᠳ᠋ ᠪᠣᠳᠠᠰ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠳᠤᠬᠢᠷᠠᠭᠤᠯᠵᠦ᠂ ᠮᠠᠨ ᠤ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃
        ᠶᠢᠨ ᠵᠢᠶᠧ ᠵᠠᠬ᠎ᠠ ᠳᠡᠯᠭᠡᠭᠦᠷ᠂ ᠴᠢᠩ ᠱᠧᠩ ᠢᠯᠴᠢ ᠶᠢᠨ ᠬᠦᠴᠦᠨ ᠤ ᠺᠣᠮᠫᠠᠨᠢ ᠳᠤ ᠬᠦᠷᠴᠦ ᠪᠠᠶᠢᠴᠠᠭᠠᠬᠤ  ᠳᠠᠭᠠᠨ᠂ ᠪᠦᠬᠡᠪᠠᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠭᠰᠠᠨ ᠨᠥᠬᠦᠴᠡᠯ ᠳᠣᠣᠷ᠎ᠠ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠣᠨᠣᠪᠴᠢ ᠶᠢᠨ ᠬᠡᠮᠵᠢᠶ᠎ᠡ᠂ ᠪᠦᠳᠦᠮᠵᠢᠳᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠨᠡᠩ ᠰᠢᠯᠢᠳᠡᠭ ᠲᠦᠷᠦ ᠶᠢᠨ ᠪᠤᠳᠤᠯᠭ᠎ᠠ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ ᠬᠦᠴᠦᠷᠬᠡᠭᠵᠢᠭᠦᠯᠵᠦ᠂ ᠨᠡᠶᠢᠭᠡᠮ ᠪᠠ ᠠᠷᠠᠳ ᠤᠨ ᠠᠮᠢᠳᠤᠷᠠᠯ ᠤᠨ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠵᠤ᠂ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠳᠤᠮᠳᠠ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠭᠡᠵᠡᠢ᠃
       ᠳᠠᠷᠠᠭ᠎ᠠ ᠨᠢ᠂ ᠪᠦᠬᠡᠪᠠᠶᠠᠷ ᠪᠠᠰᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂  ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠥᠷᠲᠡᠭᠡ᠂ ᠡᠪᠡᠰᠦ ᠬᠠᠳᠠᠭᠠᠯᠠᠬᠤ ᠬᠥᠮᠥᠷᠭᠡ ᠵᠡᠷᠭᠡ ᠭᠠᠵᠠᠷ ᠲᠤ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ ᠪᠣᠯᠤᠨ ᠬᠠᠬᠢᠷ ᠬᠦᠢᠲᠡᠨ ᠴᠠᠰᠤ ᠰᠢᠭᠤᠷᠭ᠎ᠠ ᠶᠢ ᠰᠡᠷᠭᠡᠶᠢᠯᠡᠨ ᠠᠷᠭᠠᠴᠠᠬᠤ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠬᠦ ᠳᠡᠭᠡᠨ ᠪᠦᠬᠡᠪᠠᠶᠠᠷ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠪᠣᠳᠣᠯᠬᠢᠯᠠᠨ᠂ ᠠᠷᠠᠳ ᠤᠨ ᠠᠮᠢᠳᠤᠷᠠᠯ ᠤᠨ ᠵᠣᠪᠠᠨᠢᠯ ᠢ ᠰᠢᠢᠳᠪᠦᠷᠢᠯᠡᠬᠦ ᠡᠭᠦᠳᠡᠨ ᠠᠴᠠ᠂ ᠬᠠᠬᠢᠷ ᠬᠦᠢᠲᠡᠨ ᠠᠭᠤᠷ ᠠᠮᠢᠰᠬᠤᠯ ᠢ ᠠᠷᠭᠠᠴᠠᠬᠤ ᠤᠷᠢᠳᠴᠢᠯᠠᠨ ᠰᠡᠷᠭᠡᠶᠢᠯᠡᠬᠦ ᠪᠠ ᠭᠠᠮᠰᠢᠭ ᠠᠴᠠ ᠰᠡᠷᠭᠡᠶᠢᠯᠡᠬᠦ ᠰᠢᠰᠲ᠋ᠧᠮ ᠤᠨ ᠠᠷᠭᠠᠴᠠᠬᠤ ᠠᠷᠭ᠎ᠠ ᠬᠡᠮᠵᠢᠶ᠎ᠡ ᠶᠢ ᠡᠷᠲᠡᠬᠡᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠥᠭᠡᠴᠡᠯᠡᠬᠦ ᠪᠠ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠳᠦᠷ ᠬᠢᠵᠦ᠂ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠷᠢᠨ ᠨᠢᠮᠪᠠᠶ ᠪᠠᠶᠢᠷᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠬᠡᠷᠡᠭᠲᠡᠶ᠃ ᠡᠭᠦᠨ ᠤ ᠬᠠᠮᠲᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠭᠠᠶ ᠭᠠᠮᠰᠢᠭᠳᠦ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠬᠡᠳᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠮᠠᠯᠴᠢᠳ ᠤᠨ ᠬᠡᠳᠦ ᠭᠠᠮᠰᠢᠭ ᠤᠨ ᠴᠠᠭ ᠠᠭᠤᠷ ᠢ ᠰᠡᠷᠭᠡᠶᠢᠯᠡᠬᠦ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠬᠦᠯᠵᠦ᠂ ᠮᠠᠯᠵᠢᠬᠤ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ ᠭᠡᠵᠡᠢ᠃                      ᠤᠷᠴᠢᠭᠤᠯᠤᠭᠴᠢ᠄ ᠴᠡᠴᠡᠭ    
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号