ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ  ᠵᠢᠯᠣᠭᠤᠳᠬᠤ ᠭᠠᠵᠠᠷ ᠤᠨ 51 ᠳ᠋ᠤᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2020/11/24
       ᠣᠶᠢᠷ᠎ᠠ ᠶᠢᠨ ᠡᠳᠦᠷ ᠲᠤ᠂ ᠲᠢᠶᠠᠨᠵᠢᠨ ᠬᠤᠲᠠ᠂ ᠱᠠᠩᠬᠠᠶ ᠬᠤᠲᠠ᠂ ᠮᠠᠨᠵᠤᠤᠷ ᠬᠤᠲᠠ ᠳᠤ ᠲᠤᠰ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠭᠠᠷᠴᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠪᠦᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠶᠠᠪᠤᠳᠠᠯ ᠣᠯᠠᠨ ᠡᠭᠦᠰᠴᠡᠶ᠃ ︽ᠭᠠᠳᠠᠭᠠᠳᠤ ᠠᠴᠠ ᠣᠷᠤᠭᠤᠯᠬᠤ ᠶᠢ ᠰᠡᠷᠭᠡᠶᠢᠯᠡᠨ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠣᠷ᠎ᠠ ᠵᠠᠷᠯᠠᠶ᠎ᠠ᠄        ᠨᠢᠭᠡ᠂ 2020 ᠣᠨ ᠤ 11 ᠰᠠᠷ᠎ᠠ ᠶᠢᠨ 24 ᠤ ᠡᠳᠦᠷ ᠠᠴᠠ ᠡᠬᠢᠯᠡᠨ᠂ ᠪᠤᠢ ᠪᠦᠬᠦᠢ ᠭᠠᠳᠠᠭᠰᠢ ᠡᠵᠡᠩᠨᠡᠬᠦ ᠲᠠᠯᠠᠪᠤᠷ ᠭᠠᠵᠠᠷ ︵ᠪᠠᠩᠬᠢ᠂ ᠬᠤᠳᠠᠯᠳᠤᠭᠠᠨ ᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠨᠣᠮ ᠤᠨ ᠰᠠᠩ᠂ ᠪᠡᠶ᠎ᠡ ᠶᠢᠨ ᠲᠠᠮᠢᠷ ᠤᠨ ᠣᠷᠳᠣᠨ᠂ ᠵᠢᠰᠦ ᠭᠤᠶᠣᠯᠠᠬᠤ ᠦᠰᠦ ᠵᠠᠰᠠᠬᠤ ᠭᠠᠵᠠᠷ᠂ ᠰᠦᠯᠵᠢᠶᠡᠨ ᠤ ᠪᠠᠭᠠᠷ᠂ KTV ᠵᠡᠷᠭᠡ︶ ᠲᠤ ᠤᠷᠤᠵᠦ ᠭᠠᠷᠬᠤ ᠬᠥᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠶᠠᠨ ᠵᠠᠮ ᠤᠨ ᠨᠣᠮᠧᠷ ᠢ ᠪᠠᠶᠢᠴᠠᠭᠠᠨ ᠰᠢᠯᠭᠠᠬᠤ ᠶᠢ ᠴᠢᠩᠭᠠᠳᠬᠠᠬᠤ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠰᠠᠶᠢᠲᠤᠷ ᠳᠠᠩᠰᠠᠯᠠᠨ ᠲᠡᠮᠳᠡᠭᠯᠡᠬᠦ ᠬᠡᠷᠡᠭᠲᠡᠶ᠃ ᠠᠮᠠᠪᠴᠢ ᠵᠡᠭᠦᠭᠰᠡᠨ ᠦᠭᠡᠢ ᠪᠣᠯ ᠡᠵᠡᠩᠨᠡᠯᠲᠡ ᠶᠢᠨ ᠲᠠᠯᠠᠪᠤᠷ ᠲᠤ ᠣᠷᠣᠵᠤ ᠪᠣᠯᠬᠤ ᠦᠭᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠰᠣᠶᠣᠯ ᠵᠡᠷᠭᠡ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠬᠤ ᠬᠡᠷᠡᠭᠲᠡᠶ᠃ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠡᠵᠡᠩᠨᠡᠯᠲᠡ ᠶᠢᠨ ᠲᠠᠯᠠᠪᠤᠷ ᠤᠨ ᠡᠵᠡᠩᠨᠡᠯᠲᠡ ᠶᠢ ᠨᠢ ᠲᠦᠷ ᠵᠣᠭᠰᠣᠭᠠᠵᠤ᠂ ᠪᠠᠶᠢᠴᠠᠭᠠᠨ ᠬᠡᠮᠵᠢᠬᠦ ᠨᠥᠬᠦᠴᠡᠯ ᠢ ᠪᠦᠷᠢᠯᠳᠦᠭᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠭᠰᠠᠨ ᠤ ᠳᠠᠷᠠᠭ᠎ᠠ ᠡᠵᠡᠩᠨᠡᠯᠲᠡ ᠶᠢ ᠨᠢ ᠰᠡᠷᠭᠦᠭᠡᠨ᠎ᠡ᠃        ᠬᠤᠶᠠᠷ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠠᠵᠢᠯᠲᠠᠨ ᠠᠵᠢᠯᠴᠢᠨ ᠤ ᠥᠷᠯᠥᠭᠡ ᠪᠠ ᠦᠳᠡ ᠶᠢᠨ ᠪᠡᠶ᠎ᠡ ᠶᠢᠨ ᠳᠤᠯᠠᠭᠠᠨ ᠤ ᠪᠠᠶᠢᠴᠠᠭᠠᠯᠲᠠ᠂ ᠳᠠᠩᠰᠠᠯᠠᠯ ᠵᠢᠴᠢ ᠠᠵᠢᠯ ᠤᠨ ᠲᠠᠯᠠᠪᠤᠷ ᠭᠠᠵᠠᠷ ᠢ ᠲᠤᠭᠳᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠬᠤ ᠠᠵᠢᠯ ᠢ ᠦᠨᠡᠨᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠥᠮᠦᠨ ᠴᠤᠭᠯᠠᠷᠠᠬᠤ ᠭᠠᠵᠠᠷ ᠲᠤ ᠲᠦᠷ ᠴᠠᠭ ᠤᠨ ᠲᠤᠰᠠᠭᠠᠷᠯᠠᠬᠤ ᠭᠠᠵᠠᠷ ᠭᠠᠷᠭᠠᠬᠤ ᠬᠡᠷᠡᠭᠲᠡᠶ᠃                      ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ                      ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                             2020 ᠣᠨ ᠤ 11 ᠰᠠᠷ᠎ᠠ ᠶᠢᠨ 23 ᠤ ᠡᠳᠦᠷ    
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号