11 ᠰᠠᠷ᠎ᠠ ᠶᠢᠨ 23 ᠤ ᠡᠳᠦᠷ᠂ ᠮᠠᠨ ᠤ ᠬᠤᠰᠢᠭᠤ ᠬᠦᠳᠡᠯᠮᠦᠷᠢ ᠶᠢᠨ ᠪᠠᠳᠤᠯᠠᠭ᠎ᠠ ᠶᠢᠨ ᠠᠵᠢᠯ ᠤᠨ | ᠳᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ | ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠴᠧᠨ ᠯᠦᠩ ᠵᠢᠴᠢ ᠡᠯ᠎ᠡ ᠰᠠᠯᠠᠭ᠎ᠠ ᠮᠦᠴᠢᠷ ᠤᠨ | ᠬᠠᠷᠢᠭᠤᠴᠠᠯᠳᠠᠭᠠᠳᠠᠳ ᠬᠤᠷᠠᠯ ᠳᠤ ᠤᠷᠤᠯᠴᠠᠪᠠ᠃ | ᠬᠤᠷᠠᠯ ᠳᠤ᠂ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ | ᠳᠤᠪᠴᠢᠶ᠎ᠠ ᠶᠢᠨ ᠬᠠᠷᠢᠭᠤᠴᠠᠯᠭᠠᠳᠠᠨ ᠬᠦᠳᠡᠯᠮᠦᠷᠢ ᠶᠢᠨ ᠪᠠᠳᠤᠯᠠᠭ᠎ᠠ ᠶᠢᠨ ᠲᠤᠬᠠᠢ ᠬᠠᠮᠢᠶ᠎ᠠ ᠪᠦᠬᠦᠢ ᠠᠵᠢᠯ ᠢᠶᠠᠨ | ᠨᠠᠷᠢᠯᠢᠭ ᠳᠤᠬᠢᠷᠠᠭᠤᠯᠤᠨ ᠪᠠᠶᠢᠷᠢᠯᠠᠭᠤᠯᠪᠠ᠃ | | | | | ᠴᠧᠨ ᠯᠦᠩ᠂ ᠡᠯ᠎ᠡ ᠰᠠᠯᠠᠭ᠎ᠠ ᠮᠦᠴᠢᠷ ᠬᠦᠳᠡᠯᠮᠦᠷᠢ ᠶᠢᠨ ᠪᠠᠳᠤᠯᠠᠭ᠎ᠠ ᠶᠢᠨ ᠠᠵᠢᠯ ᠤᠨ ᠴᠢᠬᠤᠯᠠ ᠴᠢᠨᠠᠷ ᠢ | ᠬᠦᠢᠴᠡᠳ ᠳᠠᠨᠢᠵᠦ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠳᠡᠭᠡᠯ︾ ᠢ ᠪᠠᠳᠤᠳᠬᠠᠵᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠦᠨ᠂ ᠬᠦᠳᠡᠯᠮᠦᠷᠢ ᠶᠢᠨ ᠪᠠᠳᠤᠯᠠᠭ᠎ᠠ ᠶᠢᠨ ᠠᠵᠢᠯ ᠤᠨ ᠲᠤᠬᠠᠢ ᠡᠭᠦᠷᠭᠡᠳᠦ ᠰᠡᠳᠬᠢᠯᠭᠡ ᠪᠠ | ᠬᠠᠷᠢᠭᠤᠴᠠᠯᠭᠠᠳᠦ ᠰᠡᠳᠬᠢᠯᠭᠡ ᠪᠠᠨ ᠦᠨᠡᠨᠬᠦ ᠰᠠᠶᠢᠳᠦᠷ ᠴᠢᠩᠭᠠᠳᠬᠠᠨ᠎ᠠ᠃ ᠭᠤᠤᠯᠳᠠᠯᠭ᠎ᠠ ᠪᠠᠨ ᠳᠤᠪᠤᠶᠢᠯᠭᠠᠨ᠂ ᠠᠷᠭ᠎ᠠ | ᠬᠡᠮᠵᠢᠶ᠎ᠡ ᠪᠠᠨ ᠴᠢᠩᠭᠠᠳᠬᠠᠵᠦ᠂ ᠡᠳᠦᠷ ᠳᠤᠳᠤᠮ ᠤᠨ ᠳᠤᠬᠢᠷᠠᠭᠤᠯᠤᠯᠳᠠ ᠪᠠ ᠬᠠᠤᠯᠢ ᠭᠡᠷᠡᠭᠵᠢᠬᠦᠯᠬᠦ ᠪᠠᠶᠢᠴᠠᠭᠠᠯᠳᠠ | ᠶᠢ ᠴᠢᠩᠭᠠᠳᠬᠠᠨ᠂ ᠠᠵᠢᠯ ᠤᠨ ᠡᠭᠦᠷᠭᠡ ᠶᠢᠨ ᠨᠠᠶᠢᠳᠠᠪᠦᠷᠢᠵᠢᠭᠤᠯᠤᠯᠳᠠ ᠶᠢ ᠦᠨᠡᠨᠬᠦ ᠰᠠᠶᠢᠳᠦᠷ ᠬᠢᠨ᠎ᠡ᠃ | ᠳᠤᠬᠢᠷᠠᠭᠤᠯᠤᠯᠳᠠ ᠶᠢᠨ ᠳᠤᠭᠳᠠᠴᠠ ᠶᠢ ᠳᠡᠬᠦᠯᠳᠡᠷᠵᠢᠬᠦᠯᠵᠦ᠂ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠨ᠂ | ᠨᠡᠪᠲᠡᠷᠡᠯᠴᠡᠵᠦ ᠵᠤᠬᠢᠴᠠᠭᠤᠯᠬᠤ ᠪᠠᠨ ᠴᠢᠩᠭᠠᠳᠬᠠᠵᠦ᠂ ᠲᠤᠭᠳᠠᠭᠰᠠᠨ ᠬᠤᠭᠤᠴᠠᠭ᠎ᠠ ᠲᠠᠢ ᠳᠤᠬᠢᠷᠠᠭᠤᠯᠤᠯᠳᠠ ᠶᠢᠨ | ᠬᠤᠷᠠᠯ ᠬᠤᠷᠠᠯᠳᠤᠭᠤᠯᠬᠤ᠂ ᠭᠡᠷᠡᠭ ᠵᠠᠷᠭᠤ ᠶᠢ ᠲᠦᠪᠯᠡᠷᠡᠬᠦᠯᠦᠨ ᠰᠢᠢᠳᠪᠦᠷᠢᠯᠡᠬᠦ ᠵᠡᠷᠭᠡ ᠠᠷᠭ᠎ᠠ ᠪᠠᠷ ᠪᠠᠶᠢᠳᠠᠯ ᠢ ᠴᠠᠭ | ᠲᠤᠬᠠᠢ ᠳᠤᠨᠢ ᠮᠡᠳᠡᠭᠳᠡᠵᠦ᠂ ᠪᠠᠶᠢᠳᠠᠯ ᠢ ᠰᠤᠳᠤᠯᠤᠨ ᠮᠠᠭᠠᠳᠯᠠᠵᠦ᠂ ᠠᠰᠠᠭᠤᠳᠠᠯ ᠢ ᠰᠢᠢᠳᠪᠦᠷᠢᠯᠡᠨ᠂ ᠮᠡᠳᠡᠭᠡ ᠵᠠᠩᠬᠢ ᠶᠢ | ᠬᠠᠮᠳᠤᠪᠠᠷ ᠡᠳ᠋ᠯᠡᠬᠦ᠂ ᠡᠬᠢ ᠪᠠᠶᠠᠯᠢᠭ ᠢ ᠬᠠᠷᠢᠯᠴᠠᠨ ᠨᠦᠬᠦᠪᠦᠷᠢᠯᠡᠬᠦ ᠶᠢ ᠪᠡᠶᠡᠯᠡᠬᠦᠯᠵᠦ᠂ ᠪᠦᠳᠦᠮᠵᠢᠳᠡᠢ ᠠᠵᠢᠯ ᠤᠨ | ᠬᠠᠮᠳᠤᠷᠠᠯ ᠤᠨ ᠬᠦᠴᠦᠨ ᠢ ᠪᠤᠢ ᠪᠤᠯᠭᠠᠨ᠎ᠠ ᠭᠡᠵᠡᠢ᠃ | | | ᠤᠷᠴᠢᠭᠤᠯᠤᠭᠴᠢ᠄ ᠴᠡᠴᠡᠭ | |