ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ | ᠪᠣᠯᠵᠤ᠂ ᠮᠠᠨ ᠤ ᠬᠤᠰᠢᠭᠤ ᠳᠠᠷᠤᠢ ᠲᠦᠷᠭᠡᠨ᠂ ᠢᠳᠡᠪᠬᠢᠲᠡᠶ ᠬᠦᠳᠡᠯᠦᠯᠴᠡᠵᠦ᠂ ᠪᠠᠶᠢᠴᠠᠭᠠᠯᠲᠠ ᠬᠢᠬᠦ ᠶᠣᠰᠣᠲᠠᠢ ᠶᠢ ᠨᠢ | ᠪᠦᠬᠦᠨ ᠢ ᠪᠠᠶᠢᠴᠠᠭᠠᠬᠤ ᠵᠠᠷᠴᠢᠮ ᠶᠣᠰᠣᠭᠠᠷ᠂ 11 ᠰᠠᠷ᠎ᠠ ᠶᠢᠨ 7 ᠤ ᠡᠳᠦᠷ ᠠᠴᠠ ᠨᠠᠰᠢ ᠮᠠᠨᠵᠤᠤᠷ ᠬᠤᠲᠠ᠂ | ᠵᠠᠯᠠᠶᠢᠨᠠᠭᠤᠷ ᠲᠣᠭᠤᠷᠢᠭ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠪᠦᠬᠦᠨ ᠢᠶᠠᠷ ᠢᠶᠠᠨ ᠪᠦᠭᠡᠮ | ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ ᠭᠡᠵᠦ ᠱᠠᠭᠠᠷᠳᠠᠵᠠᠶ᠃ 11 ᠰᠠᠷ᠎ᠠ ᠶᠢᠨ 21 ᠤ ᠡᠳᠦᠷ ᠠᠴᠠ ᠡᠬᠢᠯᠡᠨ᠂ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ᠰᠠᠭᠤᠭᠠᠯᠢ | ᠠᠷᠠᠳ ᠲᠤ ᠡᠮᠬᠢ ᠵᠢᠷᠤᠮ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠡᠬᠢᠯᠡᠪᠡ᠃ | | | | | ᠲᠤᠬᠠᠶ ᠶᠢᠨ ᠲᠠᠯᠠᠪᠤᠷ ᠲᠤ ᠰᠤᠷᠪᠤᠯᠵᠢᠯᠠᠭᠴᠢ ᠰᠠᠭᠤᠭᠠᠯᠢ ᠠᠷᠠᠳ ᠢᠳᠡᠪᠬᠢᠲᠡᠶ ᠬᠠᠮᠵᠢᠯᠴᠠᠵᠤ᠂ | ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠵᠦ᠂ ᠡᠮᠬᠢ ᠵᠢᠷᠤᠮ ᠲᠠᠢ ᠮᠥᠷᠯᠡᠨ | ᠰᠢᠯᠭᠠᠨ ᠪᠠᠶᠢᠴᠠᠭᠠᠬᠤ ᠶᠢ ᠬᠦᠯᠢᠶᠡᠵᠦ ᠪᠠᠶᠢᠬᠤ ᠶᠢ ᠣᠯᠵᠤ ᠬᠠᠷᠠᠪᠠ᠃ ᠲᠤᠬᠠᠶ ᠶᠢᠨ ᠲᠠᠯᠠᠪᠤᠷ ᠲᠤ ᠪᠠᠰᠠ ᠠᠷᠠᠳ ᠤᠨ | ᠴᠠᠭᠳᠠᠭ᠎ᠠ ᠪᠠ ᠠᠵᠢᠯᠲᠠᠨ ᠡᠮᠬᠢ ᠵᠢᠷᠤᠮ ᠢ ᠬᠠᠮᠠᠭᠠᠯᠠᠵᠤ᠂ ᠣᠷᠣᠬᠤ ᠡᠭᠦᠳᠡᠨ ᠳᠡᠭᠡᠷ᠎ᠡ ᠪᠠᠶᠢᠴᠠᠭᠠᠨ ᠰᠢᠯᠭᠠᠬᠤ | ᠠᠵᠢᠯᠲᠠᠨ ᠤ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠪᠦᠭᠡᠮᠨᠡᠷᠡᠵᠦ ᠴᠤᠭᠯᠠᠷᠠᠬᠤ ᠶᠢ ᠰᠡᠷᠭᠡᠶᠢᠯᠡᠨ᠂ | ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠪᠠ᠃ | | | | | ᠪᠠᠶᠢᠴᠠᠭᠠᠯᠲᠠ ᠶᠢᠨ ᠴᠡᠭ ᠲᠤ᠂ ᠡᠮᠴᠢ ᠰᠤᠪᠢᠯᠠᠭᠴᠢ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠠᠮᠠᠪᠴᠢ᠂ | ᠨᠢᠳᠦ ᠬᠠᠮᠠᠭᠠᠯᠠᠬᠤ ᠰᠢᠯ᠂ ᠡᠮᠴᠢᠯᠡᠭᠡᠨ ᠤ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠵᠡᠭᠦᠵᠦ᠂ ᠦᠯᠢᠭᠡᠷ ᠠᠪᠬᠤ | ᠶᠠᠪᠤᠴᠠ ᠨᠢ ᠨᠢᠭᠡ ᠮᠢᠨᠦ᠋ᠲ ᠠᠴᠠ ᠬᠡᠲᠦᠷᠡᠬᠦ ᠦᠭᠡᠶ᠃ ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤ ᠪᠦᠭᠡᠮ ᠬᠦᠴᠢᠯ ᠢ | ᠪᠠᠶᠢᠴᠠᠭᠠᠨ ᠬᠡᠮᠵᠢᠬᠦ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠨ ᠤ ᠬᠦᠴᠦᠨ ᠢ | ᠵᠣᠬᠢᠰᠲᠠᠶ ᠲᠣᠬᠢᠷᠠᠭᠤᠯᠤᠨ᠂ ᠡᠮᠨᠡᠯᠭᠡ ᠶᠢᠨ ᠠᠵᠢᠯᠲᠠᠨ᠂ ᠢᠷᠡᠵᠦ ᠪᠠᠶᠢᠴᠠᠭᠠᠬᠤ ᠠᠵᠢᠯᠲᠠᠨ ᠤ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ᠂ ᠦᠯᠢᠭᠡᠷ ᠠᠪᠬᠤ ᠠᠵᠢᠯ ᠤᠨ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠦᠨᠡᠨᠬᠦ | ᠪᠠᠲᠤᠯᠠᠪᠠ᠃ | | ᠤᠷᠴᠢᠭᠤᠯᠤᠭᠴᠢ᠄ ᠦᠷᠴᠠᠶᠢᠬᠤ |