ᠠᠷᠤᠬᠠᠰᠢᠶᠠᠳᠦ ᠪᠠᠯᠭᠠᠰᠦ ᠶᠢᠨ ᠠᠳᠤᠭᠤᠠᠴᠢᠯᠠᠭᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠡᠮᠡᠭᠳᠡᠶᠢᠴᠦᠳ ᠤᠨ ᠬᠡᠷ ᠪᠦᠯᠢ︾ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ ᠡᠮᠡᠭᠳᠡᠶᠢᠴᠦᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2020/11/26
       ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤᠬᠠᠰᠢᠶᠠᠳᠦ ᠪᠠᠯᠭᠠᠰᠦ ᠶᠢᠨ ᠠᠳᠤᠭᠤᠠᠴᠢᠯᠠᠭᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠥᠭᠡᠷᠡᠴᠢᠯᠡᠯᠲᠡ ᠶᠢ ᠢᠳᠡᠪᠬᠢᠳᠡᠢ ᠠᠬᠢᠭᠤᠯᠵᠤ᠂ ᠬᠦᠴᠢᠷᠳᠡᠯ ᠢ ᠠᠷᠢᠯᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠴᠠᠭᠠᠨ ᠤ ︽ᠡᠮᠡᠭᠲᠡᠢᠴᠦᠳ ᠤᠨ ᠭᠡᠷ ᠪᠦᠯᠢ︾ ᠶᠢᠨ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠮᠲᠤ ᠶᠢᠨ ᠬᠤᠷᠠᠮᠳᠤᠭᠤᠯᠤᠯ ᠢ ᠬᠥᠭᠵᠢᠭᠦᠯᠦᠨ ᠪᠤᠵᠠᠭᠠᠶᠢᠷᠠᠭᠤᠯᠵᠤ ᠂ ᠣᠳᠣᠬᠠᠨ ᠳᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠮᠲᠤ ᠶᠢᠨ ᠬᠤᠨᠢ 47 ᠪᠤᠯᠪᠠ᠃
       ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠮᠡᠭᠲᠡᠶᠢᠴᠦᠳ ᠬᠡᠤᠬᠡᠳ ᠤᠨ ᠦᠢᠯᠡᠰ ᠤᠨ ᠬᠥᠭᠵᠢᠯᠲᠡ ᠶᠢ ᠴᠢᠬᠤᠯᠠᠴᠢᠯᠠᠵᠤ᠂ 3900 ᠲᠥᠭᠦᠷᠢᠭ ᠤᠨ ᠬᠤᠨᠢ ᠬᠤᠳᠠᠯᠳᠤᠭᠰᠠᠨ ᠵᠣᠭᠤᠰ ᠢ ᠪᠦᠲᠦᠮᠵᠢᠲᠡᠶ ᠠᠰᠢᠭᠯᠠᠵᠤ᠂ ᠶᠠᠳᠠᠭᠤ ᠬᠦᠴᠢᠷᠳᠡᠯᠲᠡᠢ ᠡᠮᠡᠭᠲᠡᠶᠢᠴᠦᠳ ᠬᠡᠦᠬᠡᠳ ᠢ ᠬᠠᠪᠰᠤᠷᠤᠨ ᠳᠡᠳᠬᠦᠵᠦ ᠬᠠᠶᠢᠷ᠎ᠠ ᠬᠠᠯᠠᠮᠵᠢ ᠬᠦᠷᠲᠡᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠦᠮᠡᠠᠵᠢᠷᠭᠠᠯ᠂ ᠪᠠᠳᠠᠷᠠᠯ ᠵᠡᠷᠭᠡ 6 ᠨᠡᠷᠡᠰ ᠳᠠᠩᠰᠠᠯᠠᠵᠦ ᠺᠠᠷᠲᠯᠠᠭᠰᠠᠨ ᠡᠷᠦᠬᠡ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠲᠤ ᠨᠡᠶᠢᠲᠡ 2400 ᠲᠥᠭᠦᠷᠢᠭ ᠬᠠᠨᠳᠢᠪᠯᠠᠨ ᠲᠤᠰᠠᠯᠠᠪᠠ᠃ ᠪᠠᠰᠠ ᠤᠷᠬᠢᠯ ᠵᠡᠷᠭᠡ ᠬᠦᠨᠳᠦ ᠡᠪᠡᠳᠴᠢᠲᠡᠨ᠂ ᠥᠨᠳᠥᠷ ᠨᠠᠰᠤᠲᠠᠨ᠂ ᠶᠠᠳᠠᠭᠤ ᠬᠦᠴᠢᠷᠳᠡᠯᠲᠡᠢ 3 ᠡᠮᠡᠭᠲᠡᠢ ᠶᠢ ᠨᠡᠶᠢᠳᠡ 1500  ᠲᠦᠬᠦᠷᠢᠭ ᠢᠶᠠᠷ ᠳᠤᠰᠠᠯᠠᠵᠠᠢ᠃
       ᠭᠠᠴᠠᠭᠠᠨ ᠤ ᠡᠮᠡᠭᠲᠡᠶᠢᠴᠦᠳ ᠤᠨ ᠬᠤᠯᠪᠤᠭᠠᠳᠦ ᠬᠤᠷᠠᠯ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠦᠭᠡᠷᠡᠴᠢᠯᠡᠯᠳᠡ ᠶᠢ ᠢᠳᠡᠪᠬᠢᠲᠡᠢ ᠠᠬᠢᠭᠤᠯᠵᠤ᠂ ︽ᠡᠮᠡᠭᠲᠡᠶᠢᠴᠦᠳ ᠤᠨ ᠭᠡᠷ ᠪᠦᠯᠢ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠴᠢᠷᠳᠡᠯᠲᠡᠶ ᠡᠮᠡᠭᠲᠡᠶᠢᠴᠦᠳ ᠬᠡᠤᠬᠡᠳ ᠢ ᠬᠠᠯᠠᠮᠵᠢᠯᠠᠨ ᠬᠠᠶᠢᠷᠠᠯᠠᠵᠤ᠂ ᠦᠨᠡᠨ ᠰᠡᠳᠬᠢᠯᠭᠡ ᠶᠢ ᠨᠢᠠᠠᠳᠠᠷᠠᠭᠤᠯᠤᠨ᠂ ᠬᠦᠰᠡᠯ ᠡᠷᠡᠮᠡᠯᠵᠡᠯ ᠢ ᠠᠴᠢᠶᠠᠯᠠᠵᠤ᠂ ᠭᠠᠴᠠᠭᠠᠨ ᠤ ᠬᠤᠶᠠᠷ ᠵᠥᠪᠯᠡᠯ ᠲᠠᠢ ᠬᠠᠮᠳᠤᠷᠠᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠪᠠᠷ ᠳᠠᠮᠵᠢᠨ ᠬᠠᠷᠢᠶᠠᠲᠤ ᠣᠷᠣᠨ ᠤ ᠶᠠᠳᠠᠭᠤ ᠬᠦᠴᠢᠷᠳᠡᠯᠲᠡᠢ ᠡᠮᠡᠭᠳᠡᠶᠢᠴᠦᠳ ᠲᠤ ᠬᠠᠪᠰᠤᠷᠤᠯᠭ᠎ᠠ ᠳᠡᠮᠵᠢᠯᠭᠡ ᠦᠵᠡᠬᠦᠯᠦᠨ᠂ ᠳᠡᠳᠡᠨ ᠢ ᠳᠡᠮᠵᠢᠨ ᠵᠤᠷᠢᠭᠵᠢᠭᠤᠯᠵᠦ᠂ ᠠᠮᠢᠳᠤᠷᠠᠯ  ᠤᠨ ᠵᠤᠷᠢᠭ ᠤᠷᠤᠭᠤᠯᠵᠦ᠂ ᠠᠮᠢᠳᠤᠷᠠᠯ ᠬᠦᠴᠢᠷᠲᠡᠶ ᠰᠤᠷᠤᠭᠴᠢᠳ ᠲᠤ ᠥᠴᠦᠬᠡᠨ ᠲᠡᠳᠦᠶ ᠬᠦᠴᠦ ᠭᠠᠷᠭᠠᠵᠤ᠂ ᠬᠡᠤᠬᠡᠳ ᠨᠢᠭᠡᠪᠦᠷᠢ ᠶᠢ ᠥᠪᠡᠷ ᠤᠨ ᠪᠡᠶ᠎ᠡ ᠳᠡᠭᠡᠨ ᠢᠲᠡᠭᠡᠯ ᠲᠠᠢ ᠪᠣᠯᠭᠠᠵᠤ᠂ ᠢᠷᠡᠭᠡᠳᠦᠶ ᠳᠡᠭᠡᠨ ᠬᠦᠰᠡᠯ ᠡᠷᠡᠮᠡᠯᠵᠡᠯ ᠲᠠᠢ᠂ ᠬᠠᠶᠢᠷ᠎ᠠ ᠬᠠᠯᠠᠮᠵᠢ ᠶᠢᠨ ᠳᠤᠮᠳᠠ ᠪᠠᠶᠠᠷ ᠬᠦᠷ ᠲᠠᠢ ᠰᠤᠷᠤᠯᠴᠠᠵᠦ ᠡᠷᠡᠬᠦᠯ ᠢᠶᠠᠷ ᠦᠰᠦᠨ ᠪᠤᠶᠢᠵᠢᠬᠤ ᠶᠢ ᠵᠥᠩᠨᠡᠵᠡᠶ᠃                             ᠤᠷᠴᠢᠭᠤᠯᠤᠭᠴᠢ᠄ ᠴᠡᠴᠡᠭ    
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号