11 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠦᠬᠡᠪᠠᠶᠠᠷ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠦ᠂ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ ᠨᠠᠢᠮᠠᠨ ᠳᠤᠭᠤᠶᠢᠯᠠᠩ︾ ᠤᠨ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠬᠦᠯᠢᠶᠡᠨ ᠰᠣᠨᠣᠰᠴᠤ᠂ ᠮᠠᠨ ᠤ ᠬᠤᠰᠢᠭᠤᠨ ᠤ ᠲᠠᠷᠠᠭᠠᠴᠢ ᠶᠢᠨ ᠠᠯᠬᠤᠮ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠪᠠ᠃ ᠴᠧᠨ | ᠯᠦᠩ᠂ ᠸᠠᠩ ᠳ᠋ᠦᠩ᠂ ᠵᠠᠩ ᠮᠠᠨᠳᠠ᠂ ᠰᠢᠤᠢ ᠭᠠᠩ ᠢ᠂ ᠤᠯᠠᠭᠠᠠᠳᠤᠶᠠᠭᠠ ᠵᠢᠴᠢ ᠵᠢᠯᠣᠭᠤᠳᠬᠤ ᠭᠠᠵᠠᠷ ᠤᠨ ᠬᠠᠮᠢᠶ᠎ᠠ | ᠪᠥᠬᠦᠶ ᠠᠵᠢᠯᠯᠠᠬᠤ ᠳᠤᠭᠤᠶᠢᠯᠠᠩ᠂ ᠡᠯ᠎ᠡ ᠰᠤᠮᠤ ᠪᠠᠯᠭᠠᠰᠦ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | ᠣᠳᠣᠬᠠᠨ ᠤ ᠬᠢᠵᠢᠭ ᠤᠨ ᠪᠠᠶᠢᠳᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠦᠬᠡᠪᠠᠶᠠᠷ᠂ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠳᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠳᠠᠯ ᠢ ᠣᠨᠣᠪᠴᠢᠲᠠᠶ ᠡᠵᠡᠮᠰᠢᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ | ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠ ᠠᠷᠭ᠎ᠠ ᠬᠢᠳᠠᠯ ᠢᠶᠠᠨ ᠴᠠᠭ ᠲᠤᠬᠠᠶ ᠳᠤᠨᠢ ᠲᠣᠬᠢᠷᠠᠭᠤᠯᠵᠤ᠂ ᠠᠮᠠᠪᠴᠢ | ᠵᠡᠭᠦᠬᠦ᠂ ᠠᠷᠢᠭᠤᠳᠬᠠᠨ ᠪᠠᠺᠲ᠋ᠧᠷᠢ ᠣᠰᠠᠳᠬᠠᠬᠤ᠂ ᠰᠤᠷᠳᠠᠯᠴᠢᠯᠠᠨ ᠤᠬᠠᠭᠤᠯᠬᠤ᠂ ᠴᠢᠩᠭ᠎ᠠ ᠰᠡᠷᠭᠡᠶᠢᠯᠡᠨ ᠡᠵᠡᠮᠳᠡᠬᠦ ᠶᠢ | ᠡᠷᠬᠡᠪᠰᠢ ᠡᠷᠡᠰ ᠴᠢᠩᠭ᠎ᠠ ᠪᠡᠶᠡᠯᠡᠬᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠠᠯᠳᠠᠰᠢ | ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠡᠯ᠎ᠡ ᠰᠠᠯᠠᠭ᠎ᠠ ᠮᠥᠴᠢᠷ ᠤᠳ ᠬᠢᠯᠢ ᠶᠢᠨ | ᠭᠠᠳᠠᠨᠠᠬᠢ ᠬᠢᠵᠢᠭ ᠤᠨ ᠪᠠᠶᠢᠳᠠᠯ ᠤᠨ ᠣᠷᠣᠵᠤ ᠢᠷᠡᠬᠦ ᠶᠢ ᠪᠦᠬᠦ ᠲᠠᠯ᠎ᠠ ᠪᠠᠷ ᠬᠤᠯᠪᠤᠭᠠᠯᠠᠨ ᠰᠡᠷᠭᠡᠶᠢᠯᠡᠨ | ᠬᠤᠯᠪᠤᠭᠠᠯᠠᠨ ᠡᠵᠡᠮᠳᠡᠵᠦ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠬᠦᠴᠦ | ᠰᠡᠳᠬᠢᠯ ᠨᠢᠭᠡᠳᠦᠨ ᠲᠡᠮᠡᠴᠡᠨ ᠤᠯᠬᠤ ᠭᠡᠷᠡᠭᠳᠡᠢ ᠭᠡᠵᠦ ᠱᠠᠭᠠᠷᠳᠠᠵᠠᠢ᠃ | | | | | ᠲᠡᠷᠡ ᠪᠠᠰᠠ᠂ ᠪᠦᠬᠦ ᠬᠤᠰᠢᠭᠤ ᠳᠠᠶᠠᠭᠠᠷ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ | ᠪᠠᠬᠢ ᠪᠤᠢ ᠪᠤᠯᠭᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠳᠠᠳᠠᠶᠢᠵᠢᠭᠤᠯᠤᠨ᠂ ᠳᠠᠶᠢᠨ ᠤ | ᠡᠮᠦᠨᠡᠬᠢ ᠪᠠᠶᠢᠳᠠᠯ ᠢ ᠪᠠᠲᠤᠯᠠᠵᠤ᠂ ᠤᠬᠠᠭᠤᠯᠤᠨ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠪᠠᠬᠢ ᠪᠠᠶᠢᠭᠤᠯᠵᠤ᠂ ᠬᠤᠰᠢᠭᠤᠨ ᠤ ᠨᠡᠶᠢᠬᠡᠮ ᠤᠨ ᠶᠡᠭᠡ ᠲᠠᠯ᠎ᠠ ᠶᠢᠨ ᠲᠣᠭᠲᠠᠭᠤᠨ ᠬᠢᠭᠡᠳ ᠠᠵᠤ | ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠂ | ᠬᠥᠯᠥᠨ ᠪᠤᠶᠢᠷ ᠬᠤᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠦᠷᠢᠵᠢᠭᠤᠯᠤᠨ᠂ ᠯᠠᠪᠳᠠᠭᠤᠨ | ᠪᠠᠲᠤᠲᠠᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠡᠷᠭᠡᠶᠢᠯᠡᠨ ᠡᠵᠡᠮᠳᠡᠬᠦ ᠠᠵᠢᠯ ᠢ ᠪᠦᠬᠦ ᠳᠠᠯ᠎ᠠ ᠪᠠᠷ ᠪᠣᠳᠠᠲᠠᠶ | ᠨᠠᠷᠢᠯᠢᠭ ᠬᠢᠵᠦ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ | ᠦᠷᠭᠦᠯᠵᠢᠯᠡᠨ ᠰᠠᠶᠢᠳᠦᠷ ᠪᠠᠬᠢᠵᠢᠭᠦᠯᠦᠨ᠎ᠡ ᠭᠡᠵᠡᠢ᠃ | ᠬᠤᠷᠠᠯ ᠠᠴᠠ ︽ᠨᠢᠭᠡ ᠠᠯᠪᠠᠨ ᠬᠡᠷ ᠨᠠᠢᠮᠠᠨ ᠳᠤᠭᠤᠶᠢᠯᠠᠩ︾ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠥᠬᠦᠶ ᠠᠵᠢᠯ ᠤᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠦᠯᠢᠶᠡᠨ | ᠰᠣᠨᠣᠰᠪᠠ︔ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠶ | ᠰᠠᠨᠠᠯ ᠰᠠᠨᠠᠭᠤᠯᠭ᠎ᠠ ᠳᠤᠷᠠᠳᠴᠠᠶ᠃ | | | ᠤᠷᠴᠢᠭᠤᠯᠤᠭᠴᠢ᠄ ᠴᠡᠴᠡᠭ |