ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 52 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2020/11/26
       ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠣᠬᠢᠴᠠᠭᠤᠯᠭ᠎ᠠ ᠬᠠᠮᠵᠢᠯᠴᠠᠭ᠎ᠠ ᠶᠢ ᠦᠨᠡᠨᠬᠦ ᠴᠢᠩᠭᠠᠳᠬᠠᠬᠤ ᠶᠢᠨ ᠲᠤᠰᠠᠳᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠣᠳᠤᠯᠬᠤ ᠪᠠᠷ ᠳᠠᠮᠵᠢᠨ᠂ 11 ᠰᠠᠷ᠎ᠠ ᠶᠢᠨ 27 ᠤ ᠦᠳᠡ ᠶᠢᠨ ᠡᠮᠦᠨᠡᠬᠢ 10 ᠴᠠᠭ ᠠᠴᠠ ᠡᠬᠢᠯᠡᠨ ᠮᠠᠨ ᠤ ᠬᠤᠰᠢᠭᠤᠨ ᠤ ᠬᠡᠰᠡᠭ ᠭᠠᠵᠠᠷ ᠣᠷᠣᠨ ᠳᠤ ᠪᠦᠬᠦ ᠠᠷᠠᠳ ᠤᠨ ᠪᠦᠭᠡᠮ ᠬᠦᠴᠢᠯ ᠢ ᠪᠠᠶᠢᠴᠠᠭᠠᠨ ᠬᠡᠮᠵᠢᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ ᠵᠦᠢᠯ ᠢ ᠳᠣᠣᠷ᠎ᠠ ᠵᠠᠷᠯᠠᠶ᠎ᠠ᠄        ᠨᠢᠭᠡ᠂ ᠰᠣᠷᠢᠯᠲᠠ ᠬᠢᠬᠦ ᠴᠠᠭ᠄ 11 ᠰᠠᠷ᠎ᠠ ᠶᠢᠨ 27 ᠤ ᠡᠳᠦᠷ ᠤᠨ 10᠄ 00 ᠴᠠᠭ ᠠᠴᠠ ᠡᠬᠢᠯᠡᠨ᠎ᠡ        ᠬᠤᠶᠠᠷ᠂ ᠰᠣᠷᠢᠯᠲᠠ ᠳᠤ ᠣᠷᠣᠯᠴᠠᠬᠤ ᠬᠦᠮᠦᠰ ᠵᠢᠴᠢ ᠭᠠᠵᠠᠷ᠄ ᠠᠯᠳ᠋ᠬᠠᠮᠡᠭᠡᠯ ᠪᠠᠯᠭᠠᠰᠤ ᠶᠢᠨ ᠬᠡᠷᠦᠯᠦᠨ ᠨᠡᠶᠢᠭᠡᠮ ᠲᠣᠭᠤᠷᠢᠭ ᠤᠨ ᠰᠢᠤᠳᠠᠨ ᠶᠠᠪᠤᠳᠠᠯ ᠤᠨ ᠵᠢᠵᠢᠭ ᠲᠣᠭᠤᠷᠢᠭ ᠤᠨ ᠪᠥᠬᠦ ᠰᠠᠭᠤᠭᠠᠯᠢ ᠠᠷᠠᠳ ︵ᠪᠠᠶᠢᠴᠠᠭᠠᠨ ᠬᠡᠮᠵᠢᠬᠦ ᠭᠠᠵᠠᠷ᠄ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠠᠮᠢᠷ ᠤᠨ ᠣᠷᠳᠣᠨ︶︔ ᠬᠥᠯᠥᠨ ᠪᠠᠯᠭᠠᠰᠤ᠂ ᠳᠠᠯᠠᠢ ᠰᠣᠮᠣ ᠶᠢᠨ ᠵᠠᠰᠠᠭ ᠵᠠᠬᠢᠷᠭᠠᠨ ᠤ ᠬᠠᠷᠢᠶᠠᠲᠤ ᠣᠷᠣᠨ ᠤ ᠪᠦᠬᠦ ᠰᠠᠭᠤᠭᠠᠯᠢ ᠠᠷᠠᠳ ︵ᠪᠠᠶᠢᠴᠠᠭᠠᠨ ᠬᠡᠮᠵᠢᠬᠦ ᠭᠠᠵᠠᠷ᠄ ᠬᠥᠯᠥᠨ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠳᠠᠯᠠᠢ ᠰᠤᠮᠤ ᠶᠢᠨ ᠨᠡᠶᠢᠭᠡᠮ ᠲᠣᠭᠤᠷᠢᠭ ᠤᠨ ᠬᠦᠳᠡᠯᠭᠡᠭᠡᠨ ᠤ ᠲᠥᠪ︶᠃        ᠭᠤᠷᠪᠠ᠂ ᠰᠣᠷᠢᠯᠲᠠ ᠬᠢᠬᠦ ᠶᠠᠪᠤᠴᠠ ᠳᠤ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠰᠠᠭᠤᠭᠠᠯᠢ ᠠᠷᠠᠳ ᠰᠤᠮᠤ ︵ᠪᠠᠯᠭᠠᠰᠤ︶᠂ ᠨᠡᠶᠢᠭᠡᠮ ᠲᠣᠭᠤᠷᠢᠭ ᠤᠨ ᠲᠣᠬᠢᠷᠠᠭᠤᠯᠤᠯᠲᠠ ᠶᠣᠰᠣᠭᠠᠷ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠡᠮᠬᠢ ᠵᠢᠷᠤᠮ ᠲᠠᠢ ᠪᠠᠷ ᠪᠠᠶᠢᠴᠠᠭᠠᠨ ᠬᠡᠮᠵᠢᠬᠦ ᠭᠠᠵᠠᠷ ᠲᠤ ᠬᠦᠷᠴᠦ᠂ ᠥᠯᠢᠭᠡᠷ ᠬᠡᠪ ᠠᠪᠬᠤ ᠦᠶ᠎ᠡ ᠳᠤ ᠲᠤᠬᠠᠶ ᠶᠢᠨ ᠲᠠᠯᠠᠪᠤᠷ ᠤᠨ ᠠᠵᠢᠯᠲᠠᠨ ᠤ ᠲᠣᠬᠢᠷᠠᠭᠤᠯᠤᠯᠲᠠ ᠶᠣᠰᠣᠭᠠᠷ ᠮᠦᠷᠯᠡᠨ ᠬᠦᠯᠢᠶᠡᠭᠡᠷᠡᠶ᠃        ᠳᠥᠷᠪᠡ᠂ ᠲᠤᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠬᠤᠯᠪᠣᠭᠳᠠᠬᠤ ᠬᠡᠪᠴᠢᠶ᠎ᠡ ᠨᠡᠯᠢᠶᠡᠳ ᠥᠷᠭᠡᠨ᠂ ᠬᠥᠮᠦᠨ ᠨᠡᠯᠢᠶᠡᠳ ᠣᠯᠠᠨ ᠪᠠᠶᠢᠵᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ ᠥᠷᠨᠢᠭᠦᠯᠦᠭᠰᠡᠨ ᠨᠢᠭᠡ ᠤᠳᠠᠭᠠᠨ ᠤ ᠡᠩ ᠤᠨ ᠰᠣᠷᠢᠯᠲᠠ ᠶᠢᠨ ᠠᠵᠢᠯ ᠪᠣᠯᠬᠤ ᠶᠤᠮ᠂ ᠥᠷᠭᠡᠨ ᠣᠯᠠᠨ ᠰᠠᠭᠤᠭᠠᠯᠢ ᠠᠷᠠᠳ ᠪᠢᠲᠡᠭᠡᠶ ᠰᠠᠨᠳᠤᠷᠴᠤ᠂ ᠴᠤᠤᠷᠬᠠᠯ ᠢ ᠪᠢᠲᠡᠭᠡᠢ ᠢᠲᠡᠭᠡᠭᠡᠷᠡᠢ᠃ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠢ ᠢᠲᠡᠭᠡᠬᠦ ᠦᠭᠡᠢ ᠪᠠᠶᠢᠵᠤ᠂ ᠰᠣᠷᠢᠯᠲᠠ ᠶᠢᠨ ᠦᠷ᠎ᠡ ᠳ᠋ᠦᠩ ᠢ ᠠᠯᠪᠠᠨ ᠤ ᠲᠠᠯ᠎ᠠ ᠠᠴᠠ ᠴᠠᠭ ᠲᠤᠬᠠᠶ ᠳᠤᠨᠢ ᠨᠡᠶᠢᠲᠡᠯᠡᠬᠦ ᠪᠣᠯᠣᠨ᠎ᠠ᠃               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                           2020 ᠣᠨ ᠤ 11 ᠰᠠᠷ᠎ᠠ ᠶᠢᠨ 26 ᠤ ᠡᠳᠦᠷ  
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号