ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 53 ᠳ᠋ᠤᠭᠠᠷ ᠲᠤᠭᠠᠳᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2020/11/27
       11 ᠰᠠᠷ᠎ᠠ ᠶᠢᠨ 21 ᠤ ᠡᠳᠦᠷ ᠠᠴᠠ ᠡᠬᠢᠯᠡᠨ ᠬᠦᠯᠦᠨ ᠪᠤᠶᠢᠷ ᠬᠤᠳᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ III ᠳᠡᠰ ᠤᠨ ᠵᠢᠭᠠᠪᠦᠷᠢ ᠳᠠᠭᠠᠬᠤ ᠠᠵᠢᠯᠯᠠᠭ᠎ᠠ ᠶᠢ ᠭᠡᠷᠡᠭᠵᠢᠬᠦᠯᠦᠭᠰᠡᠨ ᠠᠴᠠ ᠨᠠᠰᠢ᠂ ᠮᠠᠨᠵᠤᠤᠷ ᠬᠤᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠳᠠᠳᠦ ᠭᠡᠷᠡᠭᠴᠡᠭᠡ ᠲᠠᠢ ᠤᠶᠠᠯᠳᠤᠭᠤᠯᠤᠨ᠂ ᠶᠠᠪᠤᠵᠦ ᠰᠠᠭᠤᠬᠤ ᠬᠦᠮᠦᠰ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠠᠢ᠂ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠯᠠᠮ ᠨᠢᠭᠡ ᠠᠯᠬᠤᠮ ᠬᠠᠮᠵᠢᠯᠴᠠᠬᠤ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠵᠦᠢᠯ ᠢ ᠲᠤᠤᠷ᠎ᠠ ᠵᠠᠷᠯᠠᠶ᠎ᠠ᠄        ᠨᠢᠭᠡ᠂ ᠣᠳᠣᠬᠠᠨ ᠳᠤ ᠮᠠᠨᠵᠤᠤᠷ ᠬᠤᠲᠠ ᠳᠤ ᠰᠠᠭᠠᠳᠠᠨ ᠦᠯᠡᠳᠡᠵᠦ ᠪᠠᠶᠢᠭ᠎ᠠ ᠮᠠᠨ ᠤ ᠬᠤᠰᠢᠭᠤᠨ ᠤ ᠰᠠᠭᠤᠭᠠᠯᠢ ᠠᠷᠠᠳ ᠮᠠᠨᠵᠤᠤᠷ ᠬᠤᠲᠠ ᠶᠢᠨ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠬᠢᠷᠠᠭᠤᠯᠤᠯᠲᠠ ᠳᠤ ᠰᠠᠶᠢᠲᠤᠷ ᠬᠠᠮᠵᠢᠯᠴᠠᠵᠤ᠂ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠪ ᠤᠨ ᠡᠮᠬᠢ ᠵᠢᠷᠤᠮ ᠢ ᠪᠠᠲᠤᠯᠠᠬᠤ ᠬᠡᠷᠡᠭᠲᠡᠢ᠃        ᠬᠤᠶᠠᠷ᠂ ᠣᠶᠢᠷ᠎ᠠ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠮ ᠢ ᠪᠢᠲᠡᠭᠦᠮᠵᠢᠯᠡᠨ ᠡᠵᠡᠮᠳᠡᠬᠦ ᠬᠤᠭᠤᠴᠠᠭᠠᠨ ᠳᠤ ᠵᠠᠷᠢᠮ ᠰᠠᠭᠤᠭᠠᠯᠢ ᠠᠷᠠᠳ ᠰᠢᠷᠣᠶ ᠶᠢᠨ ᠵᠠᠮ᠂ ᠳᠥᠭᠦᠮ ᠵᠠᠮ ᠢᠶᠠᠷ ᠮᠠᠨᠵᠤᠤᠷ ᠬᠤᠲᠠ ᠪᠤᠯᠤᠨ ᠮᠠᠨ ᠤ ᠬᠤᠰᠢᠭᠤ ᠪᠠᠷ ᠨᠠᠰᠢ ᠴᠠᠰᠢ ᠶᠠᠪᠤᠵᠤ ᠪᠠᠶᠢᠬᠤ ᠶᠢ ᠮᠦᠷᠳᠡᠨ ᠪᠠᠶᠢᠴᠠᠭᠠᠵᠦ ᠮᠡᠳᠡᠪᠡ᠂ ᠳᠡᠭᠡᠷᠡᠬᠢ ᠬᠥᠮᠦᠰ ᠢ ᠬᠠᠷᠭᠤᠭᠤᠯᠤᠨ ᠪᠠᠶᠢᠴᠠᠭᠠᠵᠤ ᠤᠯᠤᠭᠰᠠᠭᠠᠷ ᠴᠢᠩᠭ᠎ᠠ ᠰᠢᠢᠳᠬᠡᠨ᠎ᠠ᠃        ᠭᠤᠷᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠭᠠᠪᠦᠷᠢ ᠳᠠᠭᠠᠬᠤ ᠬᠤᠭᠤᠴᠠᠭᠠᠨ ᠳᠤ᠂ ᠬᠡᠪ ᠤᠨ ᠪᠤᠰᠤ ᠨᠡᠪᠲᠡᠷᠡᠬᠦ ᠠᠷᠭ᠎ᠠ ᠵᠠᠮ ᠢᠶᠠᠷ ᠮᠠᠨᠵᠤᠤᠷ ᠬᠤᠲᠠ ᠪᠤᠯᠤᠨ ᠮᠠᠨ ᠤ ᠬᠤᠰᠢᠭᠤ ᠪᠠᠷ ᠨᠠᠰᠢ ᠴᠠᠰᠢ ᠶᠠᠪᠤᠵᠤ ᠪᠣᠯᠬᠤ ᠦᠭᠡᠢ᠂ ᠬᠤᠪᠢ ᠬᠥᠮᠦᠨ ᠤ ᠶᠠᠪᠤᠵᠤ ᠰᠠᠭᠤᠬᠤ ᠠᠴᠠ ᠪᠣᠯᠵᠣ ᠬᠢᠵᠢᠭ ᠤᠨ ᠪᠠᠶᠢᠳᠠᠯ ᠢ ᠳᠡᠯᠭᠡᠷᠡᠬᠦᠯᠪᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                  ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                2020 ᠤᠨ ᠤ 11 ᠰᠠᠷ᠎ᠠ ᠶᠢᠨ 27 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号