ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/11
       12 ᠰᠠᠷ᠎ᠠ ᠶᠢᠨ 9 ᠤ ᠡᠳᠦᠷ᠂ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ ᠬᠤᠷᠠᠯᠳᠤᠪᠠ᠃ ᠨᠠᠷᠠᠰᠤ᠂ ᠪᠦᠬᠡᠪᠠᠶᠠᠷ᠂ ᠸᠠᠩ ᠶᠢᠨ ᠾᠧ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠮᠠ ᠲᠠᠶᠢᠪᠤᠩ ᠬᠤᠷᠠᠯ ᠢ ᠡᠷᠬᠢᠯᠡᠪᠡ᠃        ᠬᠤᠷᠠᠯ ᠳᠤ ᠨᠠᠷᠠᠰᠤ ᠵᠢᠭᠠᠵᠤ ᠭᠠᠷᠭᠠᠭᠰᠠᠨ ᠨᠢ᠂ ᠪᠦᠬᠦ ᠬᠤᠰᠢᠭᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠡᠷᠬᠡᠪᠰᠢ ᠦᠵᠡᠯ ᠰᠠᠨᠠᠭᠠᠨ ᠤ ᠤᠬᠠᠮᠰᠠᠷ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠢᠯᠡᠳᠬᠡᠵᠦ᠂ ᠣᠯᠠᠨ ᠲᠦᠮᠡᠨ ᠤ ᠦᠨᠡᠨ ᠰᠡᠳᠬᠢᠯ ᠤᠨ ᠬᠦᠷᠢᠶᠡᠯᠡᠯ ᠢ ᠣᠯᠬᠤ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠦᠷᠭᠦᠯᠵᠢᠯᠡᠨ ᠴᠢᠩᠭᠠᠳᠬᠠᠬᠤ ᠴᠢᠬᠤᠯᠠᠲᠠᠶ᠂ ᠡᠷᠬᠡᠪᠰᠢ ᠴᠠᠭ ᠢᠮᠠᠭᠲᠠ ᠨᠠᠮ ᠳᠤ ᠪᠠᠶᠢᠪᠠᠯ ᠨᠠᠮ ᠢᠶᠠᠨ ᠬᠠᠶᠢᠷᠠᠯᠠᠬᠤ᠂ ᠨᠠᠮ ᠳᠤ ᠪᠠᠶᠢᠪᠠᠯ ᠨᠠᠮ ᠢᠶᠠᠨ ᠬᠡᠯᠡᠬᠦ᠂ ᠨᠠᠮ ᠳᠤ ᠪᠠᠶᠢᠪᠠᠯ ᠨᠠᠮ ᠤᠨ ᠲᠥᠯᠥᠭᠡ ᠵᠣᠪᠠᠭ᠋ᠤ᠂ ᠨᠠᠮ ᠳᠤ ᠪᠠᠶᠢᠪᠠᠯ ᠨᠠᠮ ᠤᠨ ᠲᠥᠯᠥᠭᠡ ᠵᠢᠳᠬᠦᠬᠦ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠵᠠᠩ ᠴᠢᠨᠠᠷ ᠢ ᠢᠯᠡᠷᠡᠭᠦᠯᠬᠦ ᠬᠡᠷᠡᠭᠲᠡᠢ᠃ ᠨᠠᠮᠴᠢ ᠴᠢᠨᠠᠷ ᠤᠨ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠶᠢ ᠵᠢᠯᠤᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠬᠤ ᠬᠡᠷᠡᠭᠲᠡᠢ᠃ ᠬᠠᠤᠯᠢ ᠴᠠᠭᠠᠵᠠ ᠶᠢᠨ ᠤᠯᠠᠭᠠᠨ ᠱᠤᠭᠤᠮ ᠢ ᠳᠠᠪᠠᠵᠤ ᠪᠣᠯᠤᠰᠢ ᠦᠭᠡᠢ᠂ ᠬᠠᠤᠯᠢ ᠴᠠᠭᠠᠵᠠ ᠶᠢᠨ ᠬᠢᠵᠠᠭᠠᠷ ᠱᠤᠭᠤᠮ ᠢ ᠬᠥᠨᠳᠡᠵᠦ ᠪᠣᠯᠤᠰᠢ ᠦᠭᠡᠢ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠡᠢ᠃
       ᠨᠠᠷᠠᠰᠤ᠂ ᠵᠠᠩᠭᠢᠯᠠᠭ᠎ᠠ ᠶᠢ ᠠᠳᠬᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢ ᠪᠠᠷᠢᠮᠲᠠᠯᠠᠨ᠂ ︽ᠬᠤᠣᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ︽ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠲᠤᠬᠠᠶᠢᠯᠠᠭᠰᠠᠨ ᠠᠵᠢᠯ ᠮᠥᠨ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠳᠬᠤᠬᠤ ᠦᠭᠡᠢ ᠪᠣᠯ ᠬᠠᠷᠢᠭᠤᠴᠠᠯᠭ᠎ᠠ ᠪᠠᠨ ᠠᠯᠳᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠦᠭᠡᠶ ᠪᠣᠯ ᠲᠤᠰᠢᠶᠠᠯ ᠢᠶᠠᠨ ᠭᠤᠲᠤᠭᠠᠭᠰᠠᠨ ᠶᠠᠪᠤᠳᠠᠯ ᠪᠣᠯᠤᠨ᠎ᠠ︾ ᠭᠡᠬᠦ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠨ᠂ ᠨᠠᠮ ᠤᠨ ᠳᠦᠷᠢᠮ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠣᠰᠣᠭᠠᠷ ᠦᠨᠡᠨᠬᠦ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠤᠯᠤᠰ ᠲᠦᠷᠦ ᠶᠢᠨ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠵᠠᠢ᠃        ᠨᠠᠷᠠᠰᠤ ᠪᠠᠰᠠ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠢᠷᠡᠯ ᠪᠠ ᠣᠪᠣᠷ ᠰᠤᠷᠲᠠᠯ ᠤᠨ ᠠᠰᠠᠭᠤᠳᠠᠯ ᠤᠨ ᠲᠤᠰᠬᠠᠢ ᠵᠠᠰᠠᠯᠲᠠ ᠶᠢ ᠭᠦᠨᠵᠡᠭᠡᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠪᠣᠳᠠᠲᠠᠢ ᠶᠢ ᠡᠷᠬᠢᠮᠯᠡᠭᠰᠡᠨ᠂ ᠶᠠᠪᠤᠴᠠ ᠨᠢ ᠯᠠᠪᠳᠠᠭᠤᠨ᠂ ᠦᠷ᠎ᠡ ᠳ᠋ᠦᠩ ᠨᠢ ᠦᠨᠡᠨ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠠᠩᠬᠠᠷᠴᠤ ᠪᠠᠶᠢᠭ᠎ᠠ ᠡᠮᠵᠡᠭ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠢᠯᠵᠢᠷᠡᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠯᠵᠢᠷᠡᠯ ᠢ ᠵᠠᠯᠬᠠᠭᠠᠨ ᠰᠢᠢᠳᠬᠡᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠬᠤ ᠬᠡᠷᠡᠭᠲᠡᠢ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠲᠤᠤᠱᠲᠠᠢ ᠬᠢᠵᠦ᠂ ᠺᠠᠳ᠋ᠷᠴᠤᠳ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠥᠷᠥ ᠲᠥᠪ ᠴᠢᠬᠡᠴᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠷᠠᠳ ᠣᠯᠠᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠮᠠᠨ ᠤ ᠬᠤᠰᠢᠭᠤᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠨᠠᠩ ᠶᠡᠭᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃        ᠬᠤᠷᠠᠯ ᠳᠡᠭᠡᠷ᠎ᠡ᠂ ᠪᠦᠬᠡᠪᠠᠶᠠᠷ ᠳᠡᠭᠡᠳᠦ ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠮᠠ ᠲᠠᠶᠢᠪᠤᠩ ᠣᠶᠢᠷ᠎ᠠ ᠶᠢᠨ ᠵᠢᠯ ᠳᠤ ᠪᠠᠶᠢᠴᠠᠭᠠᠨ ᠰᠢᠢᠳᠪᠦᠷᠢᠯᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠦᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠪᠠ᠃ ᠬᠤᠷᠠᠯ ᠳᠤ ᠣᠷᠣᠯᠴᠠᠭᠰᠠᠳ ᠬᠠᠮᠲᠤ ᠪᠠᠷ ︽ᠤᠭ ᠰᠠᠨᠠᠭ᠎ᠠ ᠪᠠᠨ ᠮᠠᠷᠲᠠᠭᠰᠠᠨ ᠬᠠᠷᠠᠮᠰᠠᠯ︾ ᠭᠡᠬᠦ ᠰᠡᠷᠡᠮᠵᠢ ᠶᠢᠨ ᠬᠥᠮᠦᠵᠢᠯ ᠤᠨ ᠹᠢᠯᠢᠮ ᠢ ᠰᠣᠨᠢᠷᠬᠠᠵᠠᠶ᠃                              ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号