ᠮᠠᠨ ᠤ ᠬᠤᠰᠢᠭᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠤᠱᠯᠠᠭᠤᠯᠪᠠ
ᠨᠡᠶᠢᠲᠡᠯᠡᠭᠰᠡᠨ ᠴᠠᠭ᠄
2020/12/11
       12 ᠰᠠᠷ᠎ᠠ ᠶᠢᠨ 9 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠩᠰᠢᠨ ᠲᠠᠶᠢᠯᠪᠤᠷᠢᠯᠠᠬᠤ ᠪᠣᠯᠪᠠᠰᠤᠷᠠᠯ ᠤᠨ ᠠᠩᠭᠢ ᠶᠢ ᠡᠷᠬᠢᠯᠡᠨ ᠶᠠᠪᠤᠭᠳᠠᠭᠤᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠤᠤᠯ ᠤᠨ ᠳᠡᠳ᠋ ᠵᠠᠬᠢᠷᠤᠯ᠂ ᠫᠷᠤᠹᠧᠰᠰᠤᠷ ᠵᠣᠣ ᠴᠠᠩ ᠮᠤᠤ ᠠᠯᠤᠰ ᠡᠵᠡᠮᠰᠢᠯᠲᠦ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢᠶᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠩᠰᠢᠨ ᠲᠠᠶᠢᠯᠪᠤᠷᠢᠯᠠᠪᠠ᠃ ᠨᠠᠷᠠᠰᠤ᠂ ᠪᠦᠬᠡᠪᠠᠶᠠᠷ ᠵᠡᠷᠭᠡ ᠭᠡᠷ ᠲᠡᠭᠡᠨ ᠪᠠᠶᠢᠭ᠎ᠠ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠶᠢᠯᠤᠮᠵᠢ ᠶᠢ ᠰᠣᠨᠣᠰᠪᠠ᠃
       ᠪᠣᠯᠪᠠᠰᠤᠷᠠᠯ ᠨᠢ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ᠂ ᠰᠢᠨ᠎ᠡ ᠬᠥᠭᠵᠢᠯᠲᠡ ᠶᠢᠨ ᠬᠠᠷᠠᠯᠲᠠ ᠶᠢ ᠳᠤᠭᠳᠠᠭᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠱᠠᠭᠠᠷᠳᠠᠯᠭ᠎ᠠ ᠶᠢ ᠡᠵᠡᠮᠰᠢᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠰᠢᠨ᠎ᠡ ᠬᠥᠭᠵᠢᠯᠲᠡ ᠶᠢᠨ ᠱᠠᠲᠤ  ᠦᠶ᠎ᠡ ᠶᠢᠨ ᠶᠡᠷᠦᠩᠬᠡᠶ ᠡᠭᠦᠷᠭᠡ ᠶᠢ ᠨᠠᠶᠢᠳᠠᠪᠤᠷᠢᠵᠢᠭᠤᠯᠬᠤ ᠵᠡᠷᠭᠡ ᠵᠢᠷᠭᠤᠭᠠᠨ ᠲᠠᠯ᠎ᠠ ᠪᠠᠷ ᠭᠤᠤᠯᠳᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠳᠤ ᠪᠥᠬᠦ ᠲᠠᠯ᠎ᠠ ᠶᠢᠨ ᠲᠠᠶᠢᠯᠤᠮᠵᠢ ᠬᠢᠪᠠ᠃
       ᠪᠣᠯᠪᠠᠰᠤᠷᠠᠯ ᠳᠤ ᠴᠢᠬᠤᠯᠠᠴᠢᠯᠠᠬᠤ ᠳᠠᠭᠠᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠨᠢᠭᠡᠳᠦᠭᠡᠷ ᠵᠠᠭᠤᠨ ᠵᠢᠯ ᠤᠨ ᠳᠡᠮᠡᠴᠡᠬᠦ ᠬᠠᠷᠠᠯᠳᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠳᠡᠮᠡᠴᠡᠬᠦ ᠬᠠᠷᠠᠯᠲᠠ ᠳᠡᠰᠢ ᠤᠷᠤᠭᠰᠢᠯᠠᠭᠰᠠᠨ ᠠᠩᠬᠠᠳᠤᠭᠠᠷ ᠲᠠᠪᠤᠨ ᠵᠢᠯ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠠᠷᠪᠠᠨ ᠲᠦᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠤᠨ ᠠᠵᠤ ᠠᠬᠤᠶ ᠨᠡᠶᠢᠬᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠬᠠᠷᠠᠯᠲᠠ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠭᠳᠠᠭᠠᠵᠦ᠂ ᠬᠤᠶᠢᠰᠢᠳᠠ ᠶᠢᠨ ᠲᠠᠪᠤᠨ ᠵᠢᠯ ᠤᠨ ᠮᠠᠨ ᠤ ᠤᠯᠤᠰ ᠤᠨ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠵᠠᠶ᠃ ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠤᠱᠯᠠᠭᠤᠯᠵᠦ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠳᠤᠤᠱᠯᠠᠭᠤᠯᠤᠨ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠶ ᠪᠠᠶᠢᠷᠢᠰᠢᠭᠤᠯᠤᠯᠳᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶᠢᠭᠡᠮ ᠵᠢᠷᠤᠮᠲᠤ ᠤᠳᠤᠬᠢᠴᠢᠯᠠᠯᠳᠠ ᠶᠢᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠳᠤᠤᠱᠯᠠᠭᠤᠯᠤᠨ᠂ ᠲᠣᠭᠲᠠᠭᠤᠨ ᠪᠠᠶᠢᠯᠭᠠᠬᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠬᠦᠯᠦᠨ᠂ ᠤᠳᠤᠬᠢᠴᠢᠯᠠᠯᠳᠠ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠪᠤᠯᠤᠨ ᠤᠯᠠᠨ ᠤᠯᠤᠰ ᠤᠨ ᠬᠤᠤᠰ ᠤᠷᠴᠢᠯᠳᠦ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠦ᠂ ᠠᠵᠤ ᠠᠬᠤᠶ ᠶᠢᠨ ᠲᠣᠭᠲᠠᠭᠤᠨ ᠢᠶᠠᠷ ᠤᠷᠤᠭᠰᠢᠯᠠᠬᠤ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠢ ᠪᠡᠶᠡᠯᠡᠬᠦᠯᠦᠨ᠂ ᠨᠡᠶᠢᠭᠡᠮ ᠵᠢᠷᠤᠮᠲᠤ ᠤᠳᠤᠬᠢᠴᠢᠯᠠᠯᠳᠠ ᠶᠢᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠰᠠᠶᠢᠨ ᠢᠶᠠᠷ ᠡᠬᠢᠯᠡᠬᠦᠯᠬᠦ ᠭᠡᠷᠡᠭᠳᠡᠢ ᠭᠡᠵᠡᠢ᠃                              ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号