ᠨᠠᠷᠠᠰᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ ᠳᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/14
       12 ᠰᠠᠷ᠎ᠠ ᠶᠢᠨ 13 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ᠂ ᠬᠤᠰᠢᠭᠤ ᠨᠠᠮ ᠤᠨ ᠬᠤᠷᠢᠶᠠᠨ ᠤ ᠱᠦᠵᠢ ᠨᠠᠷᠠᠰᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠥᠯᠢ ᠴᠠᠭᠠᠵᠠ ᠲᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠳᠣᠭᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠴᠧᠨ ᠯᠦᠩ᠂ ᠮᠠ ᠲᠠᠶᠢᠪᠤᠩ᠂ ᠶᠢᠨ ᠼᠠᠩ ᠬᠤᠷᠠᠯ ᠳᠤ ᠣᠷᠣᠯᠴᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠳᠤ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠪᠠᠶᠢᠷᠢᠯᠠᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠨᠠᠷᠠᠰᠤ ᠵᠢᠭᠠᠵᠤ ᠭᠠᠷᠭᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠥᠯᠢ ᠴᠠᠭᠠᠵᠠ ᠲᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠭᠦᠳᠡᠨ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠤᠯᠤᠰ ᠲᠦᠷᠦ ᠶᠢᠨ ᠣᠷᠴᠢᠨ ᠠᠬᠤᠶ ᠶᠢ ᠴᠡᠪᠡᠷᠰᠢᠭᠦᠯᠦᠨ ᠰᠡᠷᠭᠦᠭᠡᠬᠦ᠂ ᠠᠵᠤ ᠠᠬᠤᠶ ᠶᠢᠨ ᠡᠮᠬᠢ ᠲᠢᠭᠯᠢᠮ ᠢ ᠵᠢᠷᠤᠮᠵᠢᠭᠤᠯᠬᠤ ᠵᠡᠷᠭᠡ ᠲᠠᠯ᠎ᠠ ᠪᠠᠷ ᠲᠦᠢᠯ ᠤᠨ ᠴᠢᠬᠤᠯᠠ ᠶᠡᠭᠡ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃
       ᠨᠠᠷᠠᠰᠤ ᠱᠠᠭᠠᠷᠳᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠪᠠᠶᠢᠳᠠᠯ ᠢ ᠲᠣᠳᠣᠷᠬᠠᠶ ᠲᠠᠨᠢᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠥᠯᠥᠨ ᠪᠦᠷ ᠬᠤᠲᠠ ᠶᠢᠨ ᠨᠠᠮ ᠤᠨ ᠬᠤᠷᠢᠶᠠᠨ ᠤ ᠳᠤᠷᠠᠳᠤᠭᠰᠠᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠢᠯᠯᠠᠬᠤ ᠴᠠᠭ ᠢ ᠲᠣᠩᠭᠤᠷᠠᠭᠤᠯᠤᠨ ᠵᠢᠭᠰᠠᠭᠠᠵᠤ᠂ ᠲᠣᠭᠲᠠᠭᠰᠠᠨ ᠬᠤᠭᠤᠴᠠᠭᠠᠨ ᠳᠣᠲᠣᠷ᠎ᠠ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠠᠵᠢᠯ ᠤᠨ ᠦᠷ᠎ᠡ ᠪᠦᠲᠦᠮᠵᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠬᠦ ᠬᠡᠷᠡᠭᠲᠡᠢ ᠭᠡᠵᠡᠢ᠃        ᠨᠠᠷᠠᠰᠤ ᠪᠠᠰᠠ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠠᠯᠪᠠᠨ ᠭᠡᠷ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠯᠪᠠᠨ ᠭᠡᠷ ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠡᠯ᠎ᠡ ᠲᠤᠰᠬᠠᠶ ᠳᠤᠭᠤᠶᠢᠯᠠᠩ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠤᠰᠬᠠᠢ ᠴᠡᠭᠴᠡᠯᠡᠨ ᠵᠠᠰᠠᠬᠤ ᠬᠠᠲᠠᠭᠤ ᠳᠠᠶᠢᠯᠠᠯᠳᠤᠭᠠᠨ ᠬᠤᠭᠤᠴᠠᠭ᠎ᠠ ᠶᠣᠰᠣᠭᠠᠷ ᠢᠯᠠᠯᠲᠠ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠩᠭᠠᠳᠬᠠᠵᠠᠢ᠃                                         ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号