ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 54 ᠳ᠋ᠤᠭᠡᠷ ᠲᠤᠭᠠᠳᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2020/12/14
       ᠤᠶᠢᠷ᠎ᠠ ᠳᠤ  ᠰᠧᠴᠤᠸᠠᠨ ᠮᠤᠵᠢ ᠶᠢᠨ ᠴᠧᠩᠳᠦ᠋ ᠬᠤᠲᠠ᠂ ᠬᠠᠷᠠᠮᠥ᠋ᠷᠡᠨ ᠮᠤᠵᠢ ᠶᠢᠨ ᠰᠦᠢ ᠹᠧᠨ ᠾᠧ ᠬᠤᠲᠠ᠂  ᠳ᠋ᠦᠩ ᠨᠢᠩ ᠬᠤᠲᠠ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠲᠦᠷᠫᠠᠨ ᠬᠤᠲᠠ ᠵᠡᠷᠭᠡ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠳᠤᠳᠤᠯᠠᠭᠳᠠᠭᠰᠠᠨ ᠡᠪᠡᠳᠴᠢᠨ ᠤ ᠵᠢᠱᠢᠶ᠎ᠡ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠦᠷᠢᠯᠠᠭᠳᠠᠭᠰᠠᠳ ᠢᠯᠡᠷᠡᠵᠡᠶ᠃ ︽ᠭᠠᠳᠠᠭᠠᠳᠤ ᠠᠴᠠ ᠤᠷᠤᠵᠦ ᠢᠷᠡᠬᠦ ᠪᠠ ᠳᠣᠲᠣᠭᠠᠳᠤ ᠳᠤ ᠬᠢᠵᠢᠭ ᠳᠠᠬᠢᠬᠤ ᠠᠴᠠ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠤᠳᠤᠯᠤᠨ ᠲᠣᠭᠲᠠᠭᠠᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷ᠎ᠠ ᠵᠠᠷᠯᠠᠶ᠎ᠠ᠄        ᠨᠢᠭᠡ᠂ 2020 ᠤᠨ ᠤ 11 ᠰᠠᠷ᠎ᠠ ᠶᠢᠨ 23 ︵ᠪᠠᠭᠲᠠᠨ᠎ᠠ︶ ᠤ ᠡᠳᠦᠷ ᠠᠴᠠ ᠨᠠᠰᠢ᠂ ᠳᠡᠭᠡᠷ᠎ᠡ ᠳᠤᠷᠠᠳᠤᠭᠰᠠᠨ ᠳᠤᠮᠳᠠ ᠦᠨᠳᠦᠷ ᠵᠡᠷᠭᠡ ᠶᠢᠨ ᠲᠦᠭᠰᠢᠬᠦᠷᠢᠳᠦ ᠣᠷᠣᠨ ᠠᠴᠠ ᠮᠠᠨ ᠤ ᠬᠤᠰᠢᠭᠤᠨ ᠳᠤ ᠢᠷᠡᠭᠰᠡᠳ᠂ ᠢᠯᠠᠩᠭᠤᠶ᠎ᠠ ᠳᠤᠳᠤᠯᠠᠭᠳᠠᠭᠰᠠᠨ ᠡᠪᠡᠳᠴᠢᠨ ᠤ ᠵᠢᠱᠢᠶ᠎ᠡ ᠲᠠᠢ ᠤᠶᠢᠷᠠᠳᠤᠯᠴᠠᠭᠰᠠᠨ ᠬᠦᠮᠦᠨ ᠪᠠᠶᠢᠪᠠᠯ ᠭᠠᠴᠠᠭ᠎ᠠ ᠨᠡᠶᠢᠭᠡᠮ ᠲᠣᠭᠤᠷᠢᠭ ᠲᠤ ᠪᠠᠨ ᠳᠠᠷᠦ᠋ᠢᠬᠠᠨ ᠰᠠᠨᠠᠭᠠᠴᠢᠯᠠᠭ᠎ᠠ ᠠᠴᠠ ᠪᠠᠨ ᠮᠡᠳᠡᠬᠦᠯᠦᠨ᠎ᠡ᠃ ᠳᠡᠭᠡᠷ᠎ᠡ ᠳᠤᠷᠠᠳᠤᠭᠰᠠᠨ ᠮᠠᠨ ᠤ ᠬᠤᠰᠢᠭᠤᠨ ᠳᠤ ᠢᠷᠡᠭᠰᠡᠳ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠪᠢᠯᠢᠭ ᠴᠢᠨᠠᠷ ᠲᠠᠢ ᠮᠡᠳᠡᠭᠦᠯᠦᠯᠲᠡ ᠶᠢ ᠬᠠᠩᠭᠠᠭᠰᠠᠨ ᠪᠠ ᠪᠡᠶ᠎ᠡ ᠶᠢᠨ ᠳᠤᠯᠠᠭᠠᠨ ᠨᠢ ᠬᠡᠪ ᠤᠨ ᠮᠥᠷᠲᠡᠭᠡᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠤᠤᠷ᠎ᠠ ᠴᠢᠯᠥᠭᠡᠲᠡᠶ ᠡᠮᠬᠢ ᠵᠢᠷᠤᠮ ᠲᠠᠢ ᠬᠥᠳᠡᠯᠭᠡᠭᠡᠨ ᠬᠢᠵᠦ ᠪᠣᠯᠤᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠬᠠᠩᠭᠠᠵᠤ ᠴᠢᠳᠠᠬᠤ ᠦᠭᠡᠢ ᠬᠥᠮᠦᠰ᠂ ᠬᠠᠮᠤᠭ ᠲᠡᠷᠢᠭᠦᠨ ᠳᠤ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠲᠤᠰᠠᠭᠠᠷᠯᠠᠯ ᠬᠢᠬᠦ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠳᠠᠢ ᠮᠥᠷᠲᠡᠭᠡᠨ ᠪᠡᠶ᠎ᠡ ᠶᠢᠨ ᠳᠤᠯᠠᠭᠠᠨ ᠨᠢ ᠬᠡᠪ ᠤᠨ ᠬᠥᠮᠦᠰ ᠡᠮᠬᠢ ᠵᠢᠷᠤᠮ ᠲᠠᠢ ᠪᠠᠷ ᠨᠠᠰᠢ ᠴᠠᠰᠢ ᠶᠠᠪᠤᠵᠦ ᠪᠣᠯᠤᠨ᠎ᠠ᠃        ᠬᠤᠶᠠᠷ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠳ 7 ᠡᠳᠦᠷ  ᠤᠨ ᠳᠤᠳᠤᠷ᠎ᠠ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠵᠦ ᠪᠢᠯᠢᠭ ᠴᠢᠨᠠᠷ ᠤᠨ ᠮᠡᠳᠡᠭᠦᠯᠦᠯᠲᠡ ᠲᠠᠢ ᠬᠥᠮᠦᠰ᠂ 14 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠥᠪᠡᠷ ᠢᠶᠠᠨ ᠬᠢᠵᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠳᠠ ᠶᠢ ᠰᠠᠶᠢᠲᠤᠷ ᠬᠢᠬᠦ ᠬᠡᠷᠡᠭᠲᠡᠶ᠃ ᠬᠡᠷᠪᠡ ᠬᠠᠯᠠᠭᠤᠷᠠᠬᠤ᠂ ᠠᠮᠢᠰᠬᠤᠯ ᠤᠨ ᠵᠠᠮ ᠤᠨ ᠡᠪᠡᠳᠴᠢᠨ ᠵᠢᠴᠢ ᠪᠤᠰᠤᠳ ᠰᠡᠵᠢᠭ ᠲᠠᠢ ᠡᠪᠡᠳᠴᠢᠨ ᠤ ᠪᠠᠶᠢᠳᠠᠯ ᠢᠯᠡᠷᠡᠪᠡᠯ ᠴᠠᠭ ᠳᠤᠬᠠᠢ ᠳᠤᠨᠢ ᠣᠶᠢᠷ᠎ᠠ ᠬᠠᠪᠢ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠡᠮᠨᠡᠭᠦᠯᠵᠦ᠂ ᠡᠮᠨᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠡᠷᠡᠢ᠃        ᠭᠤᠷᠪᠠ᠂ ᠪᠣᠢ ᠪᠦᠬᠦᠢ ᠵᠣᠴᠢᠳ ᠤᠨ ᠪᠠᠭᠤᠳᠠᠯ᠂ ᠬᠤᠳᠠᠯᠳᠤᠭᠠᠨ ᠤ ᠳᠡᠯᠭᠡᠭᠦᠷ᠂ ᠬᠡᠲᠦ ᠳᠡᠯᠭᠡᠭᠦᠷ ᠵᠢᠴᠢ ᠡᠯ᠎ᠡ ᠲᠥᠷᠥᠯ ᠤᠨ ᠰᠤᠶᠤᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠲᠠᠬᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠵᠦ᠂ ᠨᠠᠰᠢ ᠴᠠᠰᠢ ᠶᠠᠪᠤᠬᠤ ᠬᠥᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠤᠷᠤᠵᠦ ᠢᠷᠡᠬᠦ ᠠᠴᠠ ᠡᠷᠡᠰ ᠰᠡᠷᠭᠡᠶᠢᠯᠡᠨ᠎ᠡ᠃        ᠲᠦᠷᠪᠡ᠂ ᠥᠷᠭᠡᠨ ᠣᠯᠠᠨ ᠲᠦᠮᠡᠨ ᠳᠤ ᠰᠠᠨᠠᠭᠤᠯᠬᠤ ᠨᠢ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠬᠦᠵᠦ᠂ ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠬᠦᠯᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠴᠤ᠂ ᠤᠶᠢᠷ᠎ᠠ ᠶᠢᠨ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠪᠢᠳᠡᠭᠡᠢ ᠤᠴᠢᠭᠠᠷᠠᠢ᠃        ᠲᠠᠪᠤ᠂ ᠥᠷᠭᠡᠨ ᠣᠯᠠᠨ ᠲᠦᠮᠡᠨ ᠳᠤ ᠰᠠᠨᠠᠭᠤᠯᠬᠤ ᠨᠢ᠂ ᠢᠷᠡᠯᠲᠡ ᠳᠤᠳᠤᠷᠬᠠᠢ ᠥᠬᠡᠶ ᠲᠡᠯᠡᠶ ᠶᠢᠨ ᠢᠳᠡᠭᠡᠨ᠂ ᠮᠢᠬᠠᠨ ᠤ ᠵᠦᠢᠯ ᠵᠡᠷᠭᠡ ᠬᠥᠯᠳᠡᠭᠦᠤ ᠢᠳᠡᠭᠡᠨ ᠪᠤᠶᠤ ᠭᠠᠳᠠᠭᠠᠳᠤ ᠠᠴᠠ ᠣᠷᠣᠭᠤᠯᠤᠭᠰᠠᠨ ᠬᠥᠯᠳᠡᠭᠦᠤ ᠢᠳᠡᠭᠡᠨ ᠢ ᠪᠢᠲᠡᠭᠡᠶ ᠠᠪᠴᠦ ᠢᠳᠡᠭᠡᠷᠡᠢ᠃ ᠰᠣᠬᠤᠷ ᠪᠠᠯᠠᠶ ᠪᠠᠷ ᠰᠦᠯᠵᠢᠶᠡᠨ ᠳᠡᠭᠡᠷ᠎ᠡ ᠠᠴᠠ ᠬᠦᠢᠲᠡᠨ ᠬᠡᠯᠬᠢᠶᠡᠲᠦ ᠢᠳᠡᠭᠡᠨ ᠬᠤᠳᠠᠯᠳᠤᠨ ᠠᠪᠴᠤ ᠪᠣᠯᠬᠤ ᠦᠭᠡᠢ᠃ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠬᠤᠳᠠᠯᠳᠤᠨ ᠠᠪᠬᠤ ᠳᠠᠭᠠᠨ ᠠᠯᠢ ᠴᠢᠳᠠᠬᠤ ᠪᠠᠷ ᠭᠠᠷ ᠢᠶᠠᠷ ᠢᠶᠠᠨ ᠰᠢᠭᠤᠳ ᠬᠦᠷᠦᠯᠴᠡᠬᠦ ᠦᠭᠡᠢ ᠪᠠᠶᠢᠵᠦ᠂ ᠪᠠᠰᠠ ᠬᠦᠢᠲᠡᠨ ᠬᠡᠯᠬᠢᠶᠡᠲᠦ ᠢᠳᠡᠭᠡᠨ ᠤ ᠪᠣᠭᠤᠮᠲᠠ ᠶᠢᠨ ᠰᠢᠯᠭᠠᠨ ᠪᠠᠶᠢᠴᠠᠭᠠᠵᠦ ᠬᠢᠵᠢᠭ ᠪᠠᠶᠢᠴᠠᠭᠠᠭᠰᠠᠨ ᠭᠡᠷᠡᠴᠢ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠤᠯᠤᠨ ᠠᠷᠢᠭᠤᠳᠬᠠᠵᠦ ᠪᠠᠺᠲ᠋ᠧᠷᠢ ᠤᠰᠠᠳᠬᠠᠭᠰᠠᠨ ᠭᠡᠷᠡᠴᠢ ᠵᠡᠷᠭᠡ ᠶᠢ ᠨᠢ ᠪᠠᠶᠢᠴᠠᠭᠠᠨ ᠦᠵᠡᠭᠡᠷᠡᠢ᠃                              ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ              ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                           2020 ᠣᠨ ᠤ 12 ᠰᠠᠷ᠎ᠠ ᠶᠢᠨ 12 ᠤᠨ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬ᠋᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号