ᠪᠤᠶᠢᠷ ᠰᠤᠮᠤ ᠶᠢᠨ ᠮᠡᠨᠡᠩᠳᠠᠯ᠎ᠠ ᠭᠠᠴᠠᠭ᠎ᠠ ᠦᠨ᠎ᠡ ᠲᠦᠯᠦᠪᠦᠷᠢ ᠦᠬᠡᠢ ᠪᠠᠷ 30 ᠲᠦᠮᠡᠨ ᠲᠦᠬᠦᠷᠢᠭ ᠤᠨ ᠲᠡᠵᠢᠭᠡᠯ ᠪᠤᠷᠳᠤᠭ᠎ᠠ ᠳᠠᠷᠠᠬᠠᠭᠠᠵᠦ  ᠮᠠᠯ ᠤᠨᠤᠭ᠎ᠠ ᠶᠢᠨ ᠡᠪᠦᠯ ᠤᠨ ᠮᠡᠨᠳᠦ ᠤᠨᠳᠤᠷᠤᠯᠳᠠ ᠶᠢ ᠪᠠᠳᠤᠯᠠᠨ᠎ᠠ
ᠨᠡᠶᠢᠲᠡᠯᠡᠭᠰᠡᠨ ᠴᠠᠭ᠄
2020/12/16
       ᠮᠠᠯᠴᠢᠳ ᠤᠨ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠦᠢᠯᠡᠳᠪᠦᠷᠢᠯᠡᠯ ᠤᠨ ᠵᠠᠷᠤᠯᠭ᠎ᠠ ᠶᠢ ᠪᠠᠭᠠᠰᠬᠠᠨ᠂ ᠮᠠᠯ ᠤᠨᠤᠭ᠎ᠠ ᠶᠢᠨ ᠡᠪᠦᠯ ᠤᠨ ᠮᠡᠨᠳᠦ ᠤᠨᠳᠤᠷᠤᠯᠳᠠ ᠶᠢ ᠪᠠᠳᠤᠯᠠᠬᠠᠤ ᠶᠢᠨ ᠲᠦᠯᠦᠭᠡ᠂ ᠪᠤᠶᠢᠷ ᠰᠤᠮᠤ ᠶᠢᠨ ᠮᠡᠨᠡᠩᠳᠠᠯ᠎ᠠ ᠭᠠᠴᠠᠭ᠎ᠠ ᠢᠳᠡᠪᠬᠢᠲᠡᠶ ᠠᠷᠭ᠎ᠠ ᠰᠦᠪᠡᠭᠴᠢᠯᠡᠵᠦ᠂ ᠢᠳᠡᠪᠬᠢᠲᠡᠶ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠪᠡᠯᠡ ᠮᠥᠩᠭᠦ ᠶᠢ ᠠᠰᠢᠭᠯᠠᠨ 30 ᠲᠦᠮᠡᠨ ᠲᠥᠭᠦᠷᠢᠭ ᠤᠨ ᠥᠷᠲᠡᠭ ᠪᠦᠬᠦᠢ ᠨᠠᠷᠢᠯᠢᠭ ᠳᠡᠵᠢᠭᠡᠯ ᠪᠣᠷᠳᠤᠭ᠎ᠠ ᠬᠤᠳᠠᠯᠳᠤᠨ ᠠᠪᠴᠤ᠂ 108 ᠡᠷᠦᠬᠡ ᠮᠠᠯ ᠲᠠᠢ ᠮᠠᠯᠵᠢᠬᠤ ᠡᠷᠦᠬᠡ ᠳᠤ ᠦᠨ᠎ᠡ ᠲᠥᠯᠥᠪᠦᠷᠢ ᠦᠭᠡᠢ ᠪᠠᠷ ᠳᠠᠷᠬᠠᠭᠠᠨ ᠦᠭᠴᠦ᠂ ᠮᠠᠯᠴᠢᠳ ᠤᠨ ᠪᠠᠴᠢᠮ ᠪᠠᠶᠢᠳᠠᠯ ᠢ ᠠᠷᠭᠠᠴᠠᠵᠦ ᠭᠠᠮᠰᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠬᠦᠯᠪᠡ᠃
       ᠤᠶᠢᠷ᠎ᠠ ᠶᠢᠨ ᠵᠢᠯ ᠠᠴᠠ ᠨᠠᠰᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠰᠤᠮᠤ ᠶᠢᠨ ᠮᠡᠨᠡᠩᠳᠠᠯ᠎ᠠ ᠭᠠᠴᠠᠭ᠎ᠠ  ᠬᠠᠮᠲᠤ ᠶᠢᠨ ᠠᠵᠤ ᠠᠬᠤᠶ ᠶᠢᠨ ᠬᠤᠷᠠᠮᠳᠤᠭᠤᠯᠭ᠎ᠠ ᠦᠬᠡᠢ ᠪᠠᠶᠢᠭᠰᠠᠨ ᠠᠴᠠ ᠪᠠᠨ ᠤᠳᠤ ᠪᠤᠯᠳᠠᠯ᠎ᠠ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠭᠤᠯᠵᠦ᠂ ᠭᠠᠴᠠᠭᠠᠨ ᠤ ᠮᠠᠯᠴᠢᠳ ᠲᠤ ᠤᠯᠠᠮ ᠠᠴᠠ ᠤᠯᠠᠮ ᠣᠯᠠᠨ ᠠᠰᠢᠭ ᠲᠤᠰᠠ ᠠᠪᠴᠢᠷᠠᠵᠤ ᠥᠭᠴᠡᠶ᠃ ᠡᠨᠡ ᠵᠢᠯ᠂ ᠭᠠᠴᠠᠭ᠎ᠠ ᠬᠠᠮᠲᠤ ᠶᠢᠨ ᠪᠡᠯᠴᠢᠭᠡᠷ ᠢᠶᠠᠨ ᠲᠦᠷᠢᠶᠡᠰᠦᠯᠡᠬᠦᠯᠬᠦ ᠪᠠ ᠮᠠᠯ ᠤᠨ ᠭᠠᠷᠭᠠᠯᠲᠠ ᠪᠠᠷ ᠳᠠᠮᠵᠢᠨ᠂ 60 ᠭᠠᠷᠤᠶ ᠲᠦᠮᠡᠨ ᠲᠥᠭᠦᠷᠢᠭ ᠤᠨ ᠠᠰᠢᠭ ᠣᠷᠣᠯᠭ᠎ᠠ ᠣᠯᠵᠤ᠂ ᠭᠠᠴᠠᠭ᠎ᠠ 30 ᠲᠦᠮᠡᠨ ᠲᠥᠭᠦᠷᠢᠭ ᠭᠠᠷᠭᠠᠵᠤ 112 ᠲᠤᠨ ᠨᠠᠷᠢᠯᠢᠭ ᠲᠡᠵᠢᠭᠡᠯ ᠪᠣᠷᠳᠤᠭ᠎ᠠ ᠬᠤᠳᠠᠯᠳᠤᠨ ᠠᠪᠴᠤ᠂ ᠭᠠᠴᠠᠭᠠᠨ ᠤ 108 ᠡᠷᠦᠬᠡ ᠮᠠᠯ ᠲᠠᠢ ᠮᠠᠯᠵᠢᠬᠤ ᠡᠷᠦᠬᠡ ᠪᠦᠷᠢ ᠳᠤ 22 ᠤᠭᠤᠲᠠ ᠨᠠᠷᠢᠯᠢᠭ ᠲᠡᠵᠢᠭᠡᠯ ᠪᠣᠷᠳᠤᠭ᠎ᠠ ᠳᠠᠷᠬᠠᠭᠠᠨ ᠦᠭᠴᠦ᠂ ᠤᠭᠤᠲᠠ ᠪᠦᠷᠢ ᠨᠢ100 ᠵᠢᠩ᠂ ᠡᠭᠦᠨ ᠳᠤ ᠦᠬᠡᠷ ᠪᠠ  ᠬᠤᠨᠢᠨ ᠤ ᠨᠠᠷᠢᠯᠢᠭ ᠳᠡᠵᠢᠭᠡᠯ ᠪᠣᠷᠳᠤᠭ᠎ᠠ ᠪᠠᠶᠢᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠮᠠᠯ ᠤᠨ ᠲᠡᠵᠢᠭᠡᠯ ᠪᠤᠷᠳᠤᠭᠠᠨ ᠤ ᠬᠠᠩᠭᠠᠯᠭ᠎ᠠ ᠬᠦᠢᠴᠡᠳ ᠪᠠᠶᠢᠬᠤ ᠶᠢ ᠪᠠᠳᠤᠯᠠᠵᠦ᠂ ᠮᠠᠯ ᠠᠵᠤ ᠠᠬᠤᠶ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠦᠨᠡᠨ ᠬᠦ ᠪᠣᠳᠠᠲᠠᠢ ᠳᠤ ᠭᠡᠷᠡᠭᠯᠡᠭᠰᠡᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号