ᠨᠠᠷᠠᠰᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠵᠠᠭᠤ ᠬᠤᠷᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/16
      12 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ᠂ ᠬᠤᠰᠢᠭᠤ ᠨᠠᠮ ᠤᠨ ᠬᠤᠷᠢᠶᠠᠨ ᠤ ᠱᠦᠵᠢ ᠨᠠᠷᠠᠰᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠵᠠᠭᠤ ᠬᠤᠷᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠪᠦᠬᠡᠪᠠᠶᠠᠷ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠲᠡᠮᠡᠴᠡᠯ᠂ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠶᠢᠨ ᠨᠠᠰᠤᠨ ᠬᠤᠷᠠᠯ ᠳᠤ ᠰᠤᠯᠠ ᠣᠷᠣᠯᠴᠠᠪᠠ᠃       ᠬᠤᠷᠠᠯ ᠳᠤ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠬᠤᠯᠪᠣᠭᠳᠠᠯ ᠪᠦᠬᠦᠢ ᠵᠦᠢᠯᠡᠰ ᠢ ᠬᠢᠨᠠᠨ ᠶᠠᠷᠢᠯᠴᠠᠵᠤ ᠪᠠᠲᠤᠯᠠᠬᠤ ᠶᠢᠨ ᠬᠠᠮᠲᠤ ᠡᠯ᠎ᠡ ᠲᠤᠰᠬᠠᠶ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃       ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ ᠳᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠲᠤᠬᠠᠢ ᠨᠠᠷᠠᠰᠤ ᠵᠢᠭᠠᠵᠤ ᠭᠠᠷᠭᠠᠭᠰᠠᠨ ᠨᠢ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠣᠨᠣᠪᠴᠢᠲᠠᠶ ᠡᠵᠡᠮᠳᠡᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠨ᠂ ᠴᠠᠭ ᠲᠤᠬᠠᠶ ᠳᠤᠨᠢ ᠪᠠᠶᠢᠴᠠᠭᠠᠵᠤ ᠳᠤᠲᠠᠭᠤᠳᠠᠯ ᠢᠶᠠᠨ ᠨᠥᠬᠦᠪᠥᠷᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠡᠢ᠃
       ᠨᠠᠷᠠᠰᠤ ᠪᠠᠰᠠ᠂ ᠬᠥᠳᠡᠯᠮᠦᠷᠢ ᠶᠢᠨ ᠵᠢᠱᠢᠶᠡᠴᠢ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ ᠢ ᠰᠠᠶᠢᠲᠤᠷ ᠶᠠᠷᠢᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠬᠤᠰᠢᠭᠤᠨ ᠤ ᠬᠦᠳᠡᠯᠮᠦᠷᠢᠴᠢᠨ ᠣᠯᠠᠨ ᠲᠦᠮᠡᠨ ᠢ ᠵᠣᠷᠢᠭᠵᠢᠭᠤᠯᠤᠨ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠲᠡᠷᠢᠭᠦᠨ ᠤ ᠬᠢ ᠶᠢ ᠴᠢᠷᠮᠠᠶᠢᠨ ᠡᠭᠦᠳᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠪᠠ ᠵᠣᠷᠢᠭᠲᠠᠢ ᠪᠠᠷ ᠰᠢᠨ᠎ᠡ ᠶᠢ ᠡᠭᠦᠳᠬᠦ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠬᠦᠮᠦᠵᠢᠭᠦᠯᠬᠦ ᠬᠡᠷᠡᠭᠲᠡᠢ ᠭᠡᠵᠦ ᠴᠢᠩᠭᠠᠳᠬᠠᠵᠠᠢ᠃        ᠭᠠᠴᠠᠭ᠎ᠠ ᠨᠡᠶᠢᠭᠡᠮ ᠲᠣᠭᠤᠷᠢᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠠᠯ᠎ᠠ ᠪᠠᠷ ᠨᠠᠷᠠᠰᠤ ᠱᠠᠭᠠᠷᠳᠠᠬᠤ ᠳᠠᠭᠠᠨ᠂ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠨ᠂ ︽ᠬᠤᠶᠠᠷ ᠵᠥᠪᠯᠡᠯ︾ ᠳᠤ ᠣᠷᠣᠬᠤ ᠪᠣᠭᠤᠮᠲᠠ ᠶᠢ ᠴᠢᠩᠭ᠎ᠠ ᠠᠳᠬᠤᠬᠤ ᠶᠢᠨ ᠬᠠᠮᠲᠤ᠂ ᠬᠥᠮᠦᠨ ᠰᠣᠩᠭᠤᠬᠤ ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠤᠳᠤᠷᠢᠳᠬᠤ ᠪᠠᠭ ᠤᠨ ᠪᠦᠲᠦᠴᠡ ᠶᠢ ᠰᠢᠯᠢᠳᠡᠭᠵᠢᠭᠦᠯᠦᠨ᠂ ᠠᠵᠢᠯ ᠶᠠᠪᠤᠳᠠᠯ ᠬᠢᠵᠦ ᠳᠡᠶᠢᠯᠬᠦ ︽ᠬᠤᠶᠠᠷ ᠵᠥᠪᠯᠡᠯ︾ ᠤᠨ ᠤᠳᠤᠷᠢᠳᠬᠤ ᠪᠠᠭ ᠢ ᠪᠠᠶᠢᠭᠤᠯᠬᠤ ᠬᠡᠷᠡᠭᠲᠡᠢ᠃ ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠲᠥᠰᠦᠯ ᠢ ᠨᠠᠷᠢᠯᠢᠭᠵᠢᠭᠤᠯᠤᠨ ᠪᠣᠳᠠᠳᠠᠶᠢᠵᠢᠭᠤᠯᠵᠤ᠂ ᠣᠪᠣᠷ ᠰᠤᠷᠲᠠᠯ ᠳᠤ ᠬᠢᠨᠠᠯᠲᠠ ᠲᠠᠯᠪᠢᠬᠤ ᠶᠢ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠥᠪ ᠴᠢᠬᠡᠴᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃        ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠲᠦᠯᠦᠪᠵᠢᠭᠦᠯᠭᠡ ᠶᠢᠨ ᠠᠵᠢᠯ ᠤᠨ ᠲᠤᠬᠠᠶ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠮᠠᠨ ᠤ ᠬᠤᠰᠢᠭᠤᠨ ᠤ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠳᠠᠪᠠᠭᠤᠯᠢᠭ ᠢᠶᠠᠨ ᠶᠡᠬᠡᠰᠬᠡᠵᠦ᠂ ᠳᠤᠲᠠᠭᠤᠳᠠᠯ ᠢᠶᠠᠨ ᠨᠥᠬᠦᠪᠥᠷᠢᠯᠡᠬᠦ ᠪᠠᠷ ᠤᠳᠤᠷᠢᠳᠤᠮᠵᠢ ᠪᠣᠯᠭᠠᠵᠤ᠂ ᠣᠳᠣᠬᠢᠴᠢᠯᠠᠭᠰᠠᠨ ᠮᠠᠯ ᠠᠵᠤ ᠠᠬᠤᠶ ᠶᠢ ᠬᠥᠭᠵᠢᠭᠦᠯᠬᠦ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ᠂ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠣᠯᠠᠨ ᠲᠠᠯ᠎ᠠ ᠠᠴᠠ ᠬᠦᠴᠦᠯᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠳᠠᠲᠤ ᠪᠠᠶᠢᠳᠠᠯ ᠳᠤ ᠨᠡᠶᠢᠴᠡᠭᠰᠡᠨ᠂ ᠮᠠᠯᠴᠢᠨ ᠲᠦᠮᠡᠨ ᠤ ᠬᠦᠰᠡᠯ ᠡᠷᠡᠮᠡᠯᠵᠡᠯ ᠢ ᠲᠤᠰᠬᠠᠭᠰᠠᠨ᠂ ᠢᠷᠡᠭᠡᠳᠦᠶ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠨᠠᠷ ᠰᠠᠶᠢᠲᠠᠶ ᠲᠥᠯᠥᠪᠵᠢᠭᠦᠯᠭᠡ ᠶᠢ ᠦᠨᠡᠨ ᠬᠦ ᠭᠠᠷᠭᠠᠬᠤ ᠬᠡᠷᠡᠭᠲᠡᠢ᠃ ᠲᠤᠯᠭᠠᠭᠤᠷᠢᠯᠠᠬᠤ ᠦᠢᠯᠡᠳᠦᠯ ᠢᠶᠠᠷ ᠶᠡᠭᠡ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠵᠠᠬ᠎ᠠ ᠳᠡᠯᠭᠡᠭᠦᠷ ᠤᠨ ᠢᠷᠡᠭᠡᠳᠦᠶ ᠰᠠᠶᠢᠨ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠬᠦᠴᠦᠯᠡᠨ ᠰᠦᠪᠡᠭᠴᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠡᠢ᠃        ᠨᠠᠷᠠᠰᠤ ᠪᠠᠰᠠ ᠴᠢᠩᠭᠠᠳᠬᠠᠬᠤ ᠳᠠᠭᠠᠨ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠵᠥᠷᠢᠶ᠎ᠡ ᠪᠠᠨ ᠰᠠᠶᠢᠲᠤᠷ ᠡᠷᠢᠵᠦ᠂ ᠠᠯᠢ ᠲᠦᠷᠭᠡᠨ ᠲᠦᠯᠬᠢᠨ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠴᠢᠩᠭᠠᠳᠬᠠᠨ᠂ ᠬᠦᠴᠢᠷ ᠪᠡᠷᠬᠡ ᠶᠢ ᠢᠯᠠᠨ ᠳᠠᠪᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠬᠤ ᠭᠡᠷᠡᠭᠲᠡᠢ ᠭᠡᠵᠡᠢ᠃        ᠡᠭᠦᠨ ᠠᠴᠠ ᠭᠠᠳᠠᠨ᠎ᠠ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠤᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃                           ᠤᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号