ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠠᠬᠢ ᠡᠮᠴᠢᠯᠡᠭᠡᠨ ᠤ ᠠᠵᠢᠯᠳᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2020/12/2
       11 ᠰᠠᠷ᠎ᠠ ᠶᠢᠨ 30 ᠤ ᠡᠳᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠤᠯᠭᠤᠭᠠᠨ ᠲᠣᠬᠤᠨᠢᠭᠤᠯᠬᠤ ᠳᠤᠭᠤᠶᠢᠯᠠᠩ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠦᠭᠡᠮ ᠬᠦᠴᠢᠯ ᠢ ᠪᠠᠶᠢᠴᠠᠭᠠᠨ ᠬᠡᠮᠵᠢᠵᠦ ᠦᠯᠢᠭᠡᠷ ᠠᠪᠬᠤ ᠴᠡᠭ᠂ ᠲᠥᠪᠯᠡᠷᠡᠭᠦᠯᠦᠨ ᠲᠤᠰᠠᠭᠠᠷᠯᠠᠬᠤ ᠭᠠᠵᠠᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠦᠭᠡᠮ ᠬᠦᠴᠢᠯ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠤᠨ ᠡᠮᠴᠢ ᠠᠵᠢᠯᠲᠠᠳ ᠢ ᠪᠣᠯᠭᠤᠭᠠᠨ ᠳᠤᠬᠤᠨᠢᠭᠤᠯᠵᠦ᠂ ᠬᠢᠵᠢᠭ ᠤᠨ ᠪᠠᠶᠢᠳᠠᠯ ᠢ ᠡᠰᠡᠷᠭᠦᠴᠡᠨ ᠪᠠᠶᠢᠯᠳᠤᠵᠤ ᠪᠠᠶᠢᠭ᠎ᠠ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠨ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠵᠢᠮᠢᠰ᠂ ᠪᠣᠭᠤᠷᠰᠤᠭ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃
       ᠮᠠᠨᠵᠤᠤᠷ ᠬᠤᠲᠠ ᠳᠤ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ  ᠶᠢᠨ ᠪᠠᠶᠢᠷᠢᠯᠠᠭᠤᠯᠤᠯᠲᠠ ᠪᠠ ᠪᠣᠳᠠᠲᠠᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠤᠨ᠂ ᠪᠦᠬᠦ ᠪᠠᠶᠢᠭᠤᠯᠭ᠎ᠠ  ᠶᠢᠨ ᠳᠡᠭᠡᠳᠦ ᠳᠣᠣᠷᠠᠳᠤ ᠱᠠᠲᠤᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠦᠷᠭᠡᠨ ᠬᠦᠳᠡᠯᠦᠯᠴᠡᠨ᠂ ᠪᠦᠬᠦ ᠬᠦᠴᠦᠨ ᠢᠶᠠᠷ ᠢᠶᠠᠨ ᠠᠷᠭᠠᠴᠠᠵᠤ᠂ ᠴᠢᠩᠭ᠎ᠠ ᠨᠢᠮᠪᠠᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠨᠢᠭᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ ᠢ ᠡᠬᠢᠯᠡᠬᠦᠯᠦᠭᠰᠡᠨ ᠪᠠᠶᠢᠨ᠎ᠠ᠃ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠡᠮᠴᠢᠯᠡᠭᠡᠨ ᠤ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠨ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ᠂ ᠰᠢᠨ᠎ᠡ ᠴᠠᠭ ᠦᠶ᠎ᠡ ᠶᠢᠨ  ᠡᠮᠴᠢᠯᠡᠭᠡᠨ ᠤ ᠠᠵᠢᠯᠲᠠᠨ ᠤ ᠡᠷᠬᠢᠮ ᠳᠡᠭᠡᠳᠦ ᠣᠶᠤᠨ ᠰᠠᠨᠠᠭᠠᠨ ᠤ ᠠᠬᠤᠶ ᠪᠠᠶᠢᠳᠠᠯ ᠪᠣᠯᠤᠨ ᠰᠠᠶᠢᠨ ᠰᠠᠶᠢᠬᠠᠨ ᠠᠵᠢᠯ ᠮᠡᠷᠭᠡᠵᠢᠯ ᠤᠨ ᠬᠡᠪ ᠰᠤᠷᠲᠠᠯ ᠢ ᠢᠯᠡᠷᠡᠭᠦᠯᠪᠡ᠃ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠦᠨᠡᠨ ᠶᠤᠰᠤᠨ ᠤ ᠲᠦᠯᠦᠭᠡ ᠡᠷᠡᠭᠡᠯᠵᠡᠯ ᠦᠬᠡᠢ ᠡᠳᠦᠷ ᠰᠥᠨᠢ ᠦᠭᠡᠢ ᠡᠷᠡᠯᠬᠡᠭᠯᠡᠨ ᠲᠡᠮᠡᠴᠡᠵᠦ᠂ ᠥᠪᠡᠷ ᠤᠨ ᠦᠨᠡᠨᠴᠢ ᠰᠢᠳᠤᠷᠭᠤ ᠪᠠ ᠬᠤᠪᠢ ᠨᠡᠮᠡᠷᠢ ᠪᠠᠷ ᠢᠶᠠᠨ ᠥᠷᠭᠡᠨ ᠤᠯᠠᠨ ᠠᠷᠠᠳ ᠲᠦᠮᠡᠨ ᠳᠤ ᠠᠮᠢ ᠨᠠᠰᠤᠨ ᠤ ᠬᠠᠮᠠᠭᠠᠯᠠᠯᠲᠠ ᠶᠢᠨ ᠬᠡᠷᠡᠮ ᠪᠠᠶᠢᠭᠤᠯᠵᠦ ᠥᠭᠭᠦᠭᠰᠡᠨ ᠪᠠᠶᠢᠨ᠎ᠠ᠃
       ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠳᠠᠳ ᠨᠢᠭᠡᠳᠦᠭᠡᠷ ᠹᠷᠣᠨᠲ ᠲᠠᠬᠢ ᠡᠮᠴᠢᠯᠡᠭᠡᠨ ᠤ ᠠᠵᠢᠯᠳᠠᠳ ᠢ ᠪᠤᠯᠭᠤᠭᠠᠨ ᠲᠣᠬᠤᠨᠢᠭᠤᠯᠬᠤ ᠶᠢᠨ ᠬᠠᠮᠲᠤ ᠪᠠᠰᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠥᠪᠡᠷ ᠤᠨ ᠪᠡᠶ᠎ᠡ ᠪᠠᠨ ᠰᠠᠶᠢᠳᠦᠷ ᠬᠠᠮᠠᠭᠠᠯᠠᠬᠤ ᠭᠡᠷᠡᠭᠳᠡᠢ᠂ ᠭᠠᠭᠴᠠ ᠬᠦ ᠥᠪᠡᠷ ᠢ ᠪᠠᠨ ᠰᠠᠶᠢᠲᠤᠷ ᠬᠠᠮᠠᠭᠠᠯᠠᠮᠠᠨᠵᠢᠨ ᠰᠠᠶ᠋ᠢ ᠨᠠᠩ ᠣᠯᠠᠨ ᠬᠥᠮᠦᠨ ᠢ ᠬᠠᠮᠠᠭᠠᠯᠠᠵᠤ ᠴᠢᠳᠠᠨ᠎ᠠ᠂ ᠣᠯᠠᠨ ᠢᠶᠠᠷ ᠢᠶᠠᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠪᠣᠳᠠᠲᠠᠶ ᠬᠢᠵᠦ᠂ ᠬᠦᠴᠦ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠤᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠭᠡᠷᠡᠭᠳᠡᠢ ᠭᠡᠵᠡᠢ᠃
                  ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号