ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 56 ᠳ᠋ᠤᠭᠠᠷ ᠲᠤᠭᠠᠳᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2020/12/28
       ᠪᠡᠭᠡᠵᠢᠩ᠂ ᠮᠦᠭᠳᠡᠨ ᠵᠡᠷᠭᠡ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠲᠣᠳᠣᠯᠠᠭᠳᠠᠭᠰᠠᠨ ᠡᠪᠡᠳᠴᠢᠨ ᠤ ᠵᠢᠱᠢᠶ᠎ᠡ ᠪᠤᠶᠤ ᠢᠯᠡᠷᠡᠯ ᠦᠭᠡᠢ ᠡᠪᠡᠳᠴᠢᠲᠡᠨ ᠢᠯᠡᠷᠡᠵᠦ ᠪᠠᠶᠢᠬᠤ ᠪᠠᠶᠢᠳᠠᠯ ᠳᠤ ᠬᠠᠨᠳᠤᠭᠤᠯᠤᠨ᠂ ︽ᠭᠠᠳᠠᠭᠠᠳᠤ ᠠᠴᠠ ᠣᠷᠣᠬᠤ ᠶᠢ ᠰᠡᠷᠭᠡᠶᠢᠯᠡᠵᠦ᠂ ᠳᠤᠲᠣᠭᠠᠳᠤ ᠳᠠᠭᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠤᠰᠠᠳᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠰᠣᠳᠣᠯᠣᠨ ᠲᠣᠭᠲᠠᠭᠠᠬᠤ ᠪᠠᠷ ᠳᠠᠮᠵᠢᠨ᠂ ᠬᠠᠮᠢᠶ᠎ᠠ ᠪᠦᠬᠦᠢ ᠵᠦᠢᠯᠡᠰ ᠢ ᠳᠣᠣᠷ᠎ᠠ ᠮᠡᠳᠡᠭᠳᠡᠶ᠎ᠡ᠄        ᠨᠢᠭᠡ᠂ 2020 ᠣᠨ ᠤ 12 ᠰᠠᠷ᠎ᠠ ᠶᠢᠨ 10 ᠤ ᠡᠳᠦᠷ ︵ᠪᠠᠭᠲᠠᠭᠠᠨ᠎ᠠ︶ ᠠᠴᠠ ᠨᠠᠰᠢ᠂ ᠪᠡᠭᠡᠵᠢᠩ ᠬᠤᠲᠠ ᠶᠢᠨ ᠱᠦᠨ ᠢ ᠲᠣᠭᠤᠷᠢᠭ᠂ ᠮᠦᠭᠳᠡᠨ ᠬᠤᠲᠠ ᠶᠢᠨ ᠬᠤᠩ ᠪᠸᠢ ᠲᠣᠭᠤᠷᠢᠭ ᠤᠨ ᠪᠸᠢ ᠯᠢᠩ ᠵᠡᠭᠡᠯᠢ ᠶᠢᠨ ᠬᠤᠩ ᠳ᠋ᠠ ᠨᠡᠶᠢᠭᠡᠮ ᠲᠣᠭᠤᠷᠢᠭ᠂ ᠬᠤᠸᠠ ᠷᠦᠨ ᠰᠢᠶᠠᠩ ᠱᠤ᠋ ᠸᠠᠨ ᠬᠤᠶᠠᠳᠤᠭᠠᠷ ᠬᠤᠭᠤᠴᠠᠭ᠎ᠠ ᠵᠡᠷᠭᠡ ᠭᠠᠵᠠᠷ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ᠂ ᠣᠨᠴᠠᠭᠠᠶᠢᠯᠠᠨ ᠲᠣᠳᠣᠯᠠᠭᠳᠠᠭᠰᠠᠨ ᠡᠪᠡᠳᠴᠢᠨ ᠤ ᠵᠢᠱᠢᠶ᠎ᠡ ᠲᠠᠢ ᠠᠶᠠᠨ ᠵᠠᠮ ᠳᠠᠭᠠᠨ ᠤᠴᠠᠷᠠᠭᠰᠠᠨ ᠬᠦᠮᠦᠰ᠂ ᠳᠠᠷᠤᠢ ᠲᠦᠷᠭᠡᠨ ᠰᠠᠨᠠᠭᠠᠴᠢᠯᠠᠭ᠎ᠠ ᠠᠴᠠ ᠪᠠᠨ ᠰᠠᠭᠤᠭ᠎ᠠ ᠨᠡᠶᠢᠭᠡᠮ ᠲᠣᠭᠤᠷᠢᠭ ︵ᠭᠠᠴᠠᠭ᠎ᠠ︶ ᠲᠤ ᠪᠠᠨ ᠮᠡᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠠᠷᠭ᠎ᠠ ᠠᠪᠴᠠᠯ ᠳᠤ ᠰᠠᠶᠢᠲᠤᠷ ᠬᠠᠮᠵᠢᠯᠴᠠᠬᠤ ᠬᠡᠷᠡᠭᠲᠡᠢ᠃        ᠬᠤᠶᠠᠷ᠂ ᠦᠷᠭᠡᠨ ᠣᠯᠠᠨ ᠲᠦᠮᠡᠨ ᠴᠢᠬᠤᠯᠠ ᠤᠴᠢᠷ ᠦᠭᠡᠢ ᠪᠣᠯ ᠭᠠᠳᠠᠭᠰᠢ ᠭᠠᠷᠬᠤ ᠦᠭᠡᠢ᠂ ᠬᠤᠷᠠᠨ ᠴᠤᠭᠯᠠᠷᠠᠬᠤ ᠦᠭᠡᠢ ᠪᠦᠭᠡᠳ ᠦᠨᠳᠦᠷ ᠲᠦᠭᠰᠢᠭᠦᠷᠢᠲᠦ ᠣᠷᠣᠨ ᠳᠤ ᠣᠴᠢᠬᠤ ᠦᠭᠡᠢ ᠪᠠᠶᠢᠬᠤ ᠶᠢ ᠰᠠᠨᠠᠭᠤᠯᠵᠤ ᠪᠠᠶᠢᠨ᠎ᠠ᠃        ᠭᠤᠷᠪᠠ᠂ ᠰᠢᠨ᠎ᠡ ᠵᠢᠯ᠂ ᠴᠠᠭᠠᠨ ᠰᠠᠷ᠎ᠠ ︽ᠬᠤᠶᠠᠷ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠨᠤᠲᠤᠭ ᠲᠠᠭᠠᠨ ᠪᠤᠴᠠᠭᠰᠠᠳ ᠣᠯᠠᠰᠢᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠨᠡᠮᠡᠭᠳᠡᠵᠦ ᠪᠣᠢ᠂ ᠦᠷᠭᠡᠨ ᠣᠯᠠᠨ ᠲᠦᠮᠡᠨ ᠭᠠᠳᠠᠭᠰᠢ ᠭᠠᠷᠬᠤ ᠳᠠᠭᠠᠨ ᠬᠤᠪᠢ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠵᠡᠭᠦᠬᠦ᠂ ᠭᠠᠷ ᠢᠶᠠᠨ ᠦᠷᠬᠦᠯᠵᠢ ᠤᠬᠢᠶᠠᠬᠤ ᠰᠠᠶᠢᠨ ᠳᠠᠳᠬᠠᠯ ᠲᠠᠢ ᠪᠣᠯᠬᠤ ᠶᠢ ᠰᠠᠨᠠᠭᠤᠯᠵᠤ ᠪᠠᠶᠢᠨ᠎ᠠ᠃             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                            2020 ᠣᠨ ᠤ 12 ᠰᠠᠷ᠎ᠠ ᠶᠢᠨ 26 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号