ᠰᠢᠨ᠎ᠡ ᠪᠠᠷᠭᠤ ᠪᠠᠷᠠᠭᠤᠨ ᠬᠤᠰᠢᠭᠤ ︽ᠪᠦᠬᠦᠨ ᠳᠤ ᠳᠤᠬᠢᠷᠠᠬᠤ ᠺᠠᠷᠲ︾ ᠪᠠᠷ ᠳᠠᠮᠵᠢᠨ 2020 ᠤᠨ  ᠳᠤ ᠮᠠᠯᠵᠢᠯ ᠤᠨ ᠲᠦᠷᠦᠯ ᠤᠨ ᠨᠦᠬᠦᠪᠦᠷᠢ ᠮᠦᠩᠬᠦ ᠶᠢ 31162.04 ᠲᠦᠮᠡᠨ ᠲᠦᠬᠦᠷᠢᠭ ᠳᠠᠷᠬᠠᠭᠠᠪᠠ
ᠨᠡᠶᠢᠲᠡᠯᠡᠭᠰᠡᠨ ᠴᠠᠭ᠄
2020/12/30
       ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ᠡᠳ᠋ ᠤᠨ ᠵᠠᠰᠠᠭ ᠤᠨ ᠨᠦᠬᠦᠪᠦᠷᠢ ᠮᠦᠩᠬᠦ ᠳᠠᠷᠬᠠᠭᠠᠬᠤ ᠠᠵᠢᠯ ᠤᠨ ᠳᠤᠭᠳᠠᠴᠠ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠦ᠂ ᠪᠡᠯᠡ ᠮᠦᠩᠬᠦᠨ ᠤ ᠬᠢᠨᠠᠯᠳᠠ ᠬᠠᠮᠢᠶᠠᠷᠤᠯᠳᠠ  ᠶᠢ ᠴᠢᠩᠭᠠᠳᠬᠠᠨ᠂ ᠡᠳ᠋ ᠤᠨ ᠵᠠᠰᠠᠭ ᠤᠨ ᠨᠦᠬᠦᠪᠦᠷᠢ ᠮᠦᠩᠬᠦ ᠳᠠᠷᠬᠠᠭᠠᠬᠤ ᠠᠵᠢᠯ ᠤᠨ ᠢᠳᠡᠪᠬᠢᠳᠠᠢ ᠴᠢᠨᠠᠷ ᠢ ᠬᠦᠢᠴᠡᠳ ᠳᠠᠶᠢᠴᠢᠯᠠᠵᠦ᠂ ᠠᠷᠠᠳ ᠲᠤ ᠬᠠᠷᠠᠭᠠᠯᠵᠠᠯ ᠦᠵᠡᠬᠦᠯᠬᠦ ᠡᠳ᠋ ᠤᠨ ᠵᠠᠰᠠᠭ ᠤᠨ ᠪᠡᠯᠡ ᠮᠦᠩᠬᠦ ᠳᠠᠷᠬᠠᠭᠠᠬᠤ ᠬᠤᠷᠳᠤᠴᠠ ᠶᠢ ᠦᠨᠡᠨᠬᠦ ᠲᠦᠷᠭᠡᠳᠭᠡᠨ᠂ ᠪᠡᠯᠡ ᠮᠦᠩᠬᠦᠨ ᠤ ᠳᠠᠷᠬᠠᠭᠠᠯᠳᠠ ᠶᠢᠨ ᠶᠡᠷᠦᠩᠭᠡᠢ ᠬᠡᠮᠵᠢᠶ᠎ᠡ ᠪᠤᠯᠤᠨ ᠬᠦᠷᠢᠶ᠎ᠡ ᠬᠡᠪᠴᠢᠶ᠎ᠡ ᠳᠠᠰᠤᠷᠠᠯᠳᠠ ᠦᠬᠡᠢ ᠦᠷᠭᠡᠳᠴᠦ᠂ ᠤᠯᠤᠰ ᠤᠨ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ ᠳᠤᠤᠱᠯᠠᠭᠤᠯᠬᠤ ᠶᠢ ᠠᠬᠢᠭᠤᠯᠵᠦ᠂ ᠢᠯᠡᠳᠳᠡ ᠦᠷ᠎ᠡ ᠪᠦᠳᠦᠮᠵᠢ ᠤᠯᠪᠠ᠃        2020 ᠤᠨ ᠳᠤ᠂ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ︽ᠪᠦᠬᠦᠨ ᠳᠤ ᠨᠡᠪᠲᠡᠷᠡᠬᠦ ᠺᠠᠷᠲ︾  ᠪᠠᠷ ᠳᠠᠮᠵᠢᠨ ᠮᠠᠯᠵᠢᠯ ᠤᠨ ᠲᠦᠷᠦᠯ ᠤᠨ ᠨᠦᠬᠦᠪᠦᠷᠢ ᠮᠦᠩᠬᠦ ᠶᠢ ᠨᠡᠶᠢᠳᠡ 31,162.04 ᠲᠦᠮᠡᠨ ᠲᠦᠬᠦᠷᠢᠭ ᠳᠠᠷᠬᠠᠭᠠᠵᠦ᠂ 67157 ᠬᠦᠮᠦᠨ ᠠᠰᠢᠭ ᠬᠦᠷᠳᠡᠪᠡ᠃ ᠡᠭᠦᠨ ᠳᠤ᠂ ᠪᠡᠯᠴᠢᠭᠡᠷᠯᠡᠬᠦᠯᠬᠦ ᠶᠢ ᠵᠤᠭᠰᠤᠭᠠᠬᠤ ᠨᠦᠬᠦᠪᠦᠷᠢ 16,922.79 ᠲᠦᠮᠡᠨ ᠲᠦᠬᠦᠷᠢᠭ ᠪᠠᠶᠢᠵᠦ᠂ 46386 ᠬᠦᠮᠦᠨ ᠠᠰᠢᠭ ᠬᠦᠷᠲᠡᠪᠡ᠃ ᠮᠠᠯ ᠪᠡᠯᠴᠢᠭᠡᠷ ᠢ ᠳᠡᠩᠴᠡᠬᠦᠷᠢᠰᠢᠬᠦᠯᠬᠦ ᠱᠠᠩᠨᠠᠯ ᠨᠦᠬᠦᠪᠦᠷᠢ 14,238.27 ᠲᠦᠮᠡᠨ ᠲᠦᠬᠦᠷᠢᠭ ᠪᠠᠶᠢᠵᠦ᠂ 18770 ᠬᠦᠮᠦᠨ ᠠᠰᠢᠭ ᠬᠦᠷᠳᠡᠪᠡ᠃ ᠦᠷ᠎ᠡ ᠶᠢᠨ ᠬᠤᠨᠢᠨ ᠤ ᠡᠬᠦᠯᠳᠡᠷ ᠰᠠᠶᠢᠵᠢᠷᠠᠭᠤᠯᠬᠤ ᠨᠦᠬᠦᠪᠦᠷᠢ 0.8 ᠲᠦᠮᠡᠨ ᠲᠦᠬᠦᠷᠢᠭ ᠪᠠᠶᠢᠵᠦ᠂ 1 ᠬᠦᠮᠦᠨ ᠠᠰᠢᠭ ᠬᠦᠷᠳᠡᠪᠡ᠃ ᠰᠢᠨ᠎ᠡ ᠪᠠᠷᠭᠤ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ᠠᠮᠢ ᠠᠬᠤᠢ ᠶᠢᠨ ᠨᠦᠬᠦᠪᠦᠷᠢ ᠱᠠᠩᠨᠠᠯ ᠤᠨ ᠪᠡᠯᠡ ᠮᠦᠩᠬᠦ ᠶᠢ ᠴᠠᠭ ᠲᠤᠬᠠᠢ ᠳᠤᠨᠢ ᠳᠠᠷᠬᠠᠭᠠᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ᠂ ᠮᠠᠯᠴᠢᠨ ᠲᠦᠮᠡᠨ ᠤ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠬᠦᠯᠬᠦ ᠵᠢᠴᠢ ᠮᠠᠯᠵᠢᠬᠤ ᠦᠢᠯᠡᠳᠪᠦᠷᠢᠯᠡᠯ  ᠤᠨ ᠦᠷᠬᠦᠯᠵᠢᠯᠡᠯ ᠬᠦᠭᠵᠢᠯᠳᠡ ᠳᠤ ᠢᠳᠡᠪᠬᠢᠳᠠᠢ ᠲᠦᠯᠬᠢᠴᠡ ᠦᠢᠯᠡᠳᠦᠯ ᠦᠵᠡᠬᠦᠯᠵᠠᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号