ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 57 ᠳ᠋ᠤᠭᠠᠷ ᠳᠤᠭᠠᠳᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2020/12/31
       ᠤᠶᠢᠷ᠎ᠠ ᠳᠤ᠂ ᠬᠠᠷᠠᠮᠦ᠋ᠷᠡᠨ ᠮᠤᠵᠢ ᠶᠢᠨ ᠾᠧᠢ ᠾᠧ ᠬᠤᠳᠠ᠂ ᠯᠢᠶᠤᠤᠨᠢᠩ ᠮᠤᠵᠢ ᠶᠢᠨ ᠮᠦᠭᠳᠡᠨ ᠬᠤᠳᠠ᠂ ᠵᠧᠵᠢᠶᠠᠩ ᠮᠤᠵᠢ ᠶᠢᠨ ᠬᠠᠩᠵᠸᠤ ᠬᠤᠳᠠ ᠵᠡᠷᠭᠡ ᠭᠡᠰᠡᠭ ᠭᠠᠵᠠᠷ ᠤᠷᠤᠨ ᠳᠤ ᠰᠢᠨ᠎ᠡ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢᠶᠠᠷ ᠳᠤᠳᠤᠯᠠᠭᠳᠠᠭᠰᠠᠨ ᠡᠪᠡᠳᠴᠢᠨ ᠤ ᠵᠢᠱᠢᠶ᠎ᠡ ᠪᠤᠶᠤ ᠢᠯᠡᠷᠡᠯ ᠦᠬᠡᠢ ᠬᠠᠯᠳᠠᠪᠦᠷᠢᠯᠠᠭᠳᠠᠭᠰᠠᠳ ᠢᠯᠡᠷᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠤᠴᠢᠳᠠᠢ ᠪᠤᠯᠤᠭᠰᠠᠨ ᠪᠠᠶᠢᠨ᠎ᠠ᠃ ᠦᠨᠦ ᠡᠪᠦᠯ ᠢᠷᠡᠬᠦ ᠬᠠᠪᠤᠷ ᠪᠤᠯ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠬᠢᠯᠠᠭ᠎ᠠ ᠶᠢᠨ ᠴᠠᠭ ᠪᠤᠯᠤᠨ᠎ᠠ᠂ ᠤᠳᠤ ᠶᠠᠭ ᠰᠢᠨ᠎ᠡ ᠵᠢᠯ ᠴᠠᠭᠠᠨ ᠰᠠᠷ᠎ᠠ ᠤᠶᠢᠷᠠᠳᠴᠦ᠂ ᠬᠦᠮᠦᠨ ᠠᠮᠠ ᠶᠢᠨ ᠰᠢᠯᠵᠢᠮᠡᠯ ᠴᠢᠨᠠᠷ ᠶᠡᠭᠡᠳᠴᠦ᠂ ᠴᠤᠭᠯᠠᠷᠠᠯ ᠤᠨ ᠴᠢᠨᠠᠷᠳᠠᠢ ᠠᠵᠢᠯᠯᠠᠭ᠎ᠠ ᠨᠡᠮᠡᠭᠳᠡᠵᠦ ᠪᠤᠢ᠂ ᠡᠭᠦᠨ ᠳᠤ ︽ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠨ ᠳᠤᠳᠤᠭᠠᠳᠦ ᠳᠤ ᠪᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠨᠠᠷᠢᠨ ᠬᠢᠨᠠᠮᠠᠭᠠᠢ ᠰᠠᠶᠢᠳᠦᠷ ᠳᠤᠤᠱᠯᠠᠭᠤᠯᠬᠤ ᠶᠢᠨ ᠲᠤᠰᠠᠳᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠨ ᠲᠤᠭᠳᠠᠭᠠᠭᠰᠠᠨ ᠬᠠᠮᠢᠶ᠎ᠠ ᠪᠦᠬᠦᠢ ᠵᠦᠢᠯᠡᠰ ᠢ ᠤᠳᠤ ᠲᠤᠤᠷ᠎ᠠ ᠵᠠᠷᠯᠠᠶ᠎ᠠ᠄        ᠨᠢᠭᠡ᠂ 2020 ᠤᠨ ᠤ 12 ᠰᠠᠷ᠎ᠠ ᠶᠢᠨ 15 ︵ᠪᠠᠭᠳᠠᠨ᠎ᠠ︶ ᠤ ᠡᠳᠦᠷ ᠠᠴᠠ ᠨᠠᠰᠢ᠂ ᠳᠡᠭᠡᠷ᠎ᠡ ᠲᠤᠷᠠᠳᠤᠭᠰᠠᠨ ᠲᠤᠮᠳᠠ ᠵᠡᠷᠭᠡ ᠶᠢᠨ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ ᠪᠦᠬᠦᠨ᠂ ᠤᠨᠴᠠᠭᠠᠶᠢᠯᠠᠨ ᠳᠤᠳᠤᠯᠠᠭᠳᠠᠭᠰᠠᠨ ᠡᠪᠡᠳᠴᠢᠨ ᠤ ᠵᠢᠱᠢᠶ᠎ᠡ ᠲᠠᠢ ᠠᠶᠠᠨ ᠵᠠᠮ ᠳᠠᠭᠠᠨ ᠤᠶᠢᠷᠠᠳᠤᠯᠴᠠᠭᠰᠠᠨ ᠬᠦᠮᠦᠰ ᠳᠠᠷᠤᠢ ᠲᠦᠷᠭᠡᠨ ᠰᠠᠭᠤᠭ᠎ᠠ ᠭᠠᠴᠠᠭ᠎ᠠ ᠨᠡᠶᠢᠭᠡᠮ ᠳᠤᠭᠤᠷᠢᠭ ᠲᠤ ᠪᠠᠨ ᠮᠡᠳᠡᠬᠦᠯᠵᠦ᠂ ᠬᠢᠵᠢᠭ ᠤᠨ ᠪᠠᠶᠢᠳᠠᠯ  ᠤᠨ ᠵᠢᠠᠠᠰᠠᠭᠠᠨ ᠪᠠᠶᠢᠴᠠᠭᠠᠯᠳᠠ᠂ ᠪᠦᠭᠡᠮ ᠬᠦᠴᠢᠯ ᠤᠨ ᠬᠢᠨᠠᠨ ᠬᠡᠮᠵᠢᠯᠳᠠ᠂ ᠠᠨᠠᠭᠠᠬᠤ ᠤᠬᠠᠭᠠᠨ ᠤ ᠠᠵᠢᠭᠯᠠᠯᠳᠠ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠨ ᠬᠦᠢᠴᠡᠳᠭᠡᠬᠦ ᠭᠡᠷᠡᠭᠳᠡᠢ᠂ ᠤᠶᠢᠷ᠎ᠠ ᠶᠢᠨ 7 ᠡᠳᠦᠷ ᠳᠤᠳᠤᠷᠠᠬᠢ ᠪᠦᠬᠡᠮ ᠬᠦᠴᠢᠯ ᠤᠨ ᠬᠢᠨᠠᠨ ᠬᠡᠮᠵᠢᠯᠳᠠ ᠶᠢᠨ ᠪᠢᠯᠢᠭ ᠴᠢᠨᠠᠷ ᠤᠨ ᠭᠡᠷᠡᠴᠢ ᠬᠠᠩᠭᠠᠵᠦ ᠳᠡᠶᠢᠯᠬᠦ ᠬᠦᠮᠦᠰ ᠡᠮᠬᠢ ᠵᠢᠷᠤᠮ ᠲᠠᠢ ᠴᠢᠯᠦᠭᠡᠳᠡᠢ ᠶᠠᠪᠤᠵᠦ ᠰᠠᠭᠤᠵᠦ ᠪᠤᠯᠤᠨ᠎ᠠ᠂ ᠪᠦᠬᠡᠮ ᠬᠦᠴᠢᠯ ᠤᠨ ᠬᠢᠨᠠᠨ ᠬᠡᠮᠵᠢᠯᠳᠠ ᠶᠢᠨ ᠭᠡᠷᠡᠴᠢ ᠬᠠᠩᠭᠠᠵᠦ ᠳᠡᠶᠢᠯᠬᠦ ᠦᠬᠡᠢ ᠨᠢ ᠨᠢᠭᠡᠳᠦᠭᠡᠷ ᠴᠠᠭ ᠲᠤ ᠪᠦᠬᠡᠮ ᠬᠦᠴᠢᠯ ᠤᠨ ᠬᠢᠨᠠᠨ ᠬᠡᠮᠵᠢᠯᠳᠠ ᠬᠢᠵᠦ᠂ ᠬᠢᠨᠠᠨ ᠬᠡᠮᠵᠢᠯᠳᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠤᠯ ᠡᠮᠬᠢ ᠵᠢᠷᠤᠮ ᠲᠠᠢ ᠶᠠᠪᠤᠵᠦ ᠰᠠᠭᠤᠵᠦ ᠪᠤᠯᠤᠨ᠎ᠠ᠃ ᠪᠤᠰᠤᠳ ᠳᠤᠮᠳᠠ ᠵᠡᠷᠭᠡ ᠶᠢᠨ ᠲᠦᠭᠰᠢᠬᠦᠷᠢ ᠲᠠᠢ ᠭᠠᠵᠠᠷ ᠠᠴᠠ ᠮᠠᠨ ᠤ ᠬᠤᠰᠢᠭᠤᠨ ᠳᠤ ᠢᠷᠡᠭᠰᠡᠳ ᠲᠤᠰ ᠲᠤᠭᠳᠠᠭᠠᠯ ᠢ ᠵᠢᠷᠤᠮᠯᠠᠨ ᠭᠡᠷᠡᠭᠵᠢᠬᠦᠯᠦᠨ᠎ᠡ᠃        ᠬᠤᠶᠠᠷ᠂ ᠲᠤᠮᠳᠠ ᠵᠡᠷᠭᠡ ᠶᠢᠨ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ   ᠤᠨ ᠳᠤᠳᠤᠷ᠎ᠠ ᠪᠦᠬᠡᠮ ᠬᠦᠴᠢᠯ ᠤᠨ ᠬᠢᠨᠠᠨ ᠬᠡᠮᠵᠢᠯᠳᠠ ᠶᠢᠨ ᠪᠢᠯᠢᠭ ᠴᠢᠨᠠᠷ ᠤᠨ ᠮᠡᠳᠡᠬᠦᠯᠦᠯᠳᠡ ᠬᠠᠩᠭᠠᠵᠦ ᠳᠡᠶᠢᠯᠬᠦ ᠬᠦᠮᠦᠰ ᠦᠪᠡᠷᠰᠡᠳ ᠢᠶᠠᠨ 14 ᠡᠳᠦᠷ ᠤᠨ ᠬᠤᠭᠤᠴᠠᠭ᠎ᠠ ᠲᠠᠢ ᠡᠷᠡᠬᠦᠯ ᠮᠡᠨᠳᠦ ᠶᠢᠨ ᠬᠢᠨᠠᠨ ᠪᠠᠶᠢᠴᠠᠭᠠᠯᠳᠠ ᠬᠢᠵᠦ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠳᠠ ᠶᠢ ᠰᠠᠶᠢᠳᠦᠷ ᠬᠢᠵᠦ᠂ ᠬᠠᠯᠠᠭᠤᠷᠠᠬᠤ᠂ ᠬᠠᠨᠢᠶᠠᠬᠤ᠂ ᠰᠠᠭᠤᠯᠭᠠᠭᠤ᠂ ᠳᠠᠮᠢᠷᠳᠠᠬᠤ ᠵᠡᠷᠭᠡ ᠢᠯᠡᠷᠡᠯ ᠲᠠᠢ ᠪᠠᠶᠢᠪᠠᠯ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠳᠠ  ᠶᠢ ᠰᠠᠶᠢᠳᠦᠷ ᠬᠢᠭᠰᠡᠨ ᠤᠷᠢᠳᠠᠯ ᠳᠤᠤᠷ᠎ᠠ ᠳᠠᠷᠤᠢ ᠲᠦᠷᠭᠡᠨ ᠤᠶᠢᠷ᠎ᠠ ᠵᠡᠷᠭᠡᠯᠡᠳᠡᠭᠡ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠬᠤ ᠡᠬᠦᠳᠡᠨ ᠡᠮᠨᠡᠯᠭᠡ ᠳᠤ ᠬᠦᠷᠴᠦ ᠡᠮᠨᠡᠬᠦᠯᠵᠦ᠂ ᠡᠮᠨᠡᠬᠦᠯᠬᠦ ᠶᠠᠪᠤᠴᠠ ᠳᠤ ᠠᠯᠢ ᠴᠢᠳᠠᠬᠤ ᠪᠠᠷ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠭᠡᠷᠡᠢ᠃        ᠭᠤᠷᠪᠠ᠂ ᠡᠯ᠎ᠡ ᠪᠠᠶᠢᠭᠤᠯᠭ᠎ᠠ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠬᠤᠷᠠᠯ ᠴᠤᠭᠯᠠᠭ᠎ᠠ ᠠᠵᠢᠯᠯᠠᠭ᠎ᠠ ᠬᠢᠬᠦ ᠳᠡᠭᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠦ᠂ ᠶᠡᠭᠡ ᠬᠤᠷᠠᠯ᠂ ᠬᠦᠳᠡᠯᠭᠡᠭᠡᠨ ᠴᠤᠭᠯᠠᠭᠠᠨ ᠬᠢᠬᠦ ᠳᠤ ︽ᠴᠢᠬᠤᠯᠠ ᠦᠬᠡᠢ ᠪᠤᠯ ᠬᠢᠬᠦ ᠦᠬᠡᠢ︾ ᠵᠠᠷᠴᠢᠮ ᠶᠤᠰᠤᠭᠠᠷ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠦᠨᠡᠨᠬᠦ ᠵᠤᠬᠢᠶᠠᠨ ᠪᠠᠶᠢᠭᠤᠯᠤᠨ ᠶᠠᠪᠤᠭᠳᠠᠭᠤᠯᠬᠤ ᠴᠢᠬᠤᠯᠠᠳᠠᠢ ᠪᠤᠯ ︽ᠬᠡᠨ ᠵᠤᠬᠢᠶᠠᠨ ᠪᠠᠶᠢᠭᠤᠯᠪᠠᠯ ᠬᠡᠨ ᠬᠠᠷᠢᠭᠤᠴᠠᠬᠤ︾ ᠵᠠᠷᠴᠢᠮ ᠢ ᠭᠡᠷᠡᠭᠵᠢᠬᠦᠯᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠦᠰᠦᠯ ᠪᠤᠯᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠲᠤᠭᠳᠠᠭᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠦᠪ ᠴᠢᠩᠭ᠎ᠠ ᠭᠡᠷᠡᠭᠵᠢᠬᠦᠯᠦᠨ᠎ᠡ᠃ ᠡᠬᠦᠨ ᠤ ᠬᠠᠮᠳᠦ᠂ ᠡᠯ᠎ᠡ ᠪᠠᠶᠢᠭᠤᠯᠭ᠎ᠠ ᠨᠢᠭᠡᠴᠡ ᠠᠵᠢᠯᠳᠠᠳ ᠤᠨ ᠤᠷᠤᠵᠦ ᠭᠠᠷᠬᠤ ᠪᠤᠭᠤᠮᠳᠠ ᠶᠢ ᠴᠢᠩᠭ᠎ᠠ ᠰᠠᠬᠢᠵᠦ᠂ ᠴᠢᠬᠤᠯᠠ ᠦᠬᠡᠢ ᠪᠤᠯ ᠬᠤᠰᠢᠭᠤᠨ ᠠᠴᠠ ᠭᠠᠷᠬᠤ ᠦᠬᠡᠢ ᠪᠠᠶᠢᠬᠤ ᠶᠢ ᠤᠷᠢᠶᠠᠯᠠᠵᠦ᠂ ᠦᠨᠡᠨᠬᠦ ᠭᠠᠷᠬᠤ ᠴᠢᠬᠤᠯᠠ ᠲᠠᠢ ᠪᠤᠯ ᠡᠷᠭᠡᠪᠰᠢ ᠪᠠᠶᠢᠭᠤᠯᠭ᠎ᠠ ᠨᠢᠭᠡᠴᠡ ᠳᠤ ᠪᠠᠨ ᠮᠡᠳᠡᠬᠦᠯᠦᠨ ᠵᠦᠪᠰᠢᠶᠡᠷᠡᠯ ᠤᠯᠤᠭᠰᠠᠨ ᠪᠠᠶᠢᠬᠤ ᠭᠡᠷᠡᠭᠳᠡᠢ᠃        ᠳᠥᠷᠪᠡ᠂ ᠡᠯ᠎ᠡ ᠰᠣᠮᠣ ᠪᠠᠯᠭᠠᠰᠤ᠂ ᠨᠡᠶᠢᠭᠡᠮ ᠲᠣᠭᠤᠷᠢᠭ ︵ᠭᠠᠴᠠᠭ᠎ᠠ︶ ︽ᠬᠤᠶᠠᠷ ᠪᠠᠶᠠᠷ︾ ᠤᠨ ᠬᠤᠭᠤᠴᠠᠭᠠᠨ ᠳᠤ ᠬᠦᠮᠦᠰ ᠤᠨ ᠰᠢᠯᠵᠢᠬᠦ ᠣᠨᠴᠠᠯᠢᠭ ᠲᠠᠢ ᠤᠶᠠᠯᠳᠤᠭᠤᠯᠤᠨ ᠰᠢᠯᠢᠳᠡᠭ ᠬᠦᠴᠦᠨ ᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ︵ᠭᠠᠴᠠᠭ᠎ᠠ︶ ᠤᠨ ᠲᠣᠣᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠭᠠᠳᠠᠭᠰᠢ ᠭᠠᠷᠴᠤ ᠠᠵᠢᠯ ᠬᠢᠭᠰᠡᠨ᠂ ᠰᠤᠷᠭᠠᠭᠤᠯᠢ ᠲᠠᠷᠬᠠᠵᠤ ᠬᠤᠰᠢᠭᠤᠨ ᠳᠠᠭᠠᠨ ᠪᠤᠴᠠᠭᠰᠠᠨ ᠬᠦᠮᠦᠰ ᠢ ᠵᠢᠭᠰᠠᠭᠠᠨ ᠪᠠᠶᠢᠴᠠᠭᠠᠵᠤ ᠳᠠᠩᠰᠠᠯᠠᠬᠤ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠣᠨᠴᠠᠭᠠᠶᠢᠯᠠᠨ ᠳᠤᠮᠳᠠ ᠵᠡᠷᠭᠡ ᠶᠢᠨ ᠲᠦᠭᠰᠢᠭᠦᠷᠢ ᠲᠠᠢ ᠣᠷᠣᠨ ᠤ ᠬᠦᠮᠦᠰ᠂ ᠬᠢᠯᠢ ᠶᠢᠨ ᠭᠠᠳᠠᠨ᠎ᠠ ᠠᠴᠠ ᠢᠷᠡᠭᠰᠡᠳ ᠪᠠ ᠬᠦᠢᠲᠡᠨ ᠬᠡᠯᠬᠢᠶᠡᠲᠦ ᠠᠵᠢᠯ ᠦᠢᠯᠡᠰ ᠤᠨ ᠲᠤᠬᠠᠶᠢᠯᠠᠭᠰᠠᠨ ᠠᠵᠢᠯᠲᠠᠳ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠳᠠᠭᠠᠯᠳᠤᠭᠰᠠᠨ ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠣᠷᠤᠵᠤ ᠢᠷᠡᠵᠦ ᠳᠠᠯᠳᠠ ᠭᠡᠮ ᠢ ᠠᠷᠢᠯᠭᠠᠬᠤ ᠬᠡᠷᠡᠭᠲᠡᠢ᠃        ᠲᠠᠪᠤ᠂ ᠳᠤᠮᠳᠠ ᠵᠡᠷᠭᠡ ᠶᠢᠨ ᠲᠦᠭᠰᠢᠭᠦᠷᠢ ᠲᠠᠢ ᠣᠷᠣᠨ ᠳᠤ ᠰᠠᠭᠤᠵᠤ ᠥᠩᠭᠡᠷᠡᠭᠰᠡᠨ ᠦᠩᠭᠡᠷᠡᠯᠲᠡ ᠪᠠᠨ ᠵᠣᠷᠢᠭᠤᠳᠠ ᠨᠢᠭᠤᠨ ᠳᠠᠯᠳᠠᠯᠠᠭᠰᠠᠨ ᠠᠴᠠ ᠪᠣᠯᠵᠤ ᠬᠢᠵᠢᠭ ᠤᠨ ᠪᠠᠶᠢᠳᠠᠯ ᠢ ᠲᠠᠷᠬᠠᠭᠠᠭᠰᠠᠨ ᠬᠦᠮᠦᠰ ᠢ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠶᠢᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃        ᠵᠢᠷᠭᠤᠭ᠎ᠠ᠂ ᠬᠤᠳᠠᠯᠳᠤᠭ᠎ᠠ ᠳᠡᠯᠭᠡᠭᠦᠷ᠂ ᠵᠠᠬ᠎ᠠ ᠳᠡᠯᠭᠡᠭᠦᠷ᠂ ᠬᠤᠭᠤᠯᠠᠨ ᠭᠡᠷ᠂ ᠨᠣᠮ ᠤᠨ ᠰᠠᠩ᠂ ᠰᠦᠯᠵᠢᠶᠡᠨ ᠪᠠᠭᠠᠷ᠂ ᠵᠣᠴᠢᠳ ᠤᠨ ᠪᠠᠭᠤᠳᠠᠯ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠠᠪᠴᠠᠯ ᠢ ᠤᠯᠠᠮ ᠴᠢᠨᠠᠭᠰᠢᠳᠠ ᠴᠢᠩᠭ᠎ᠠ ᠨᠠᠶᠢᠳᠠᠪᠤᠷᠢᠵᠢᠭᠤᠯᠤᠨ᠂ ᠭᠡᠷ ᠳᠣᠲᠣᠷ᠎ᠠ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠪᠠᠲᠤᠯᠠᠵᠤ᠂ ︽ᠨᠢᠭᠡ ᠮᠧᠲᠷ ᠤᠨ ᠱᠤᠭᠤᠮ︾ ᠪᠠ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠴᠡᠭ ᠵᠡᠷᠭᠡ ᠶᠢ ᠲᠣᠬᠢᠷᠠᠭᠤᠯᠤᠨ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠪᠠ ᠡᠷᠡᠭᠦᠯ ᠮᠡᠨᠳᠦ ᠶᠢᠨ ᠨᠤᠮᠧᠷ ᠢ ᠪᠠᠶᠢᠴᠠᠭᠠᠨ ᠰᠢᠯᠭᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃        ᠳᠣᠯᠤᠭ᠎ᠠ᠂ ᠰᠤᠷᠭᠠᠭᠤᠯᠢ ᠨᠤᠭᠤᠳ ᠪᠠᠭᠰᠢ ᠰᠤᠷᠤᠭᠴᠢ ᠪᠠ ᠠᠵᠢᠯᠲᠠᠳ ᠤᠨ ᠠᠮᠠᠷᠠᠯᠲᠠ ᠶᠢᠨ ᠬᠤᠭᠤᠴᠠᠭᠠᠨ ᠤ ᠵᠠᠮ ᠮᠦᠷ ᠪᠠ ᠡᠷᠡᠭᠦᠯ ᠴᠢᠬᠢᠷᠠᠭ ᠤᠨ ᠪᠠᠶᠢᠳᠠᠯ ᠢ ᠨᠠᠷᠢᠯᠢᠭ ᠡᠵᠡᠮᠰᠢᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠡᠷᠲᠡ ᠪᠠ ᠦᠳᠡ ᠶᠢᠨ ᠬᠢᠨᠠᠨ ᠬᠡᠮᠵᠢᠯᠲᠡ ᠬᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠰᠤᠷᠤᠭᠴᠢᠳ ᠲᠤ ᠪᠡᠶ᠎ᠡ ᠪᠠᠨ ᠬᠠᠮᠠᠭᠠᠯᠠᠬᠤ ᠶᠢ ᠵᠢᠭᠠᠨ ᠵᠢᠯᠣᠭᠤᠳᠬᠤ ᠬᠡᠷᠡᠭᠲᠡᠢ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠬᠦᠲᠦᠯᠪᠦᠷᠢ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠡᠳ᠋ ᠪᠤᠳᠠᠰ ᠨᠦᠬᠡᠴᠡᠯᠡᠬᠦ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠪᠠ ᠠᠷᠢᠭᠤᠳᠬᠠᠬᠤ ᠵᠡᠷᠭᠡ ᠠᠷᠭ᠎ᠠ ᠠᠪᠴᠠᠯ ᠢ ᠨᠠᠶᠢᠳᠠᠪᠤᠷᠢᠵᠢᠭᠤᠯᠵᠤ᠂ ᠬᠢᠴᠢᠶᠡᠯ ᠡᠷᠬᠢᠯᠡᠬᠦ ᠨᠦᠬᠦᠴᠡᠯ ᠪᠦᠷᠢᠯᠳᠦᠭᠦᠯᠦᠭᠰᠡᠨ ᠦᠭᠡᠢ ᠪᠠᠶᠢᠪᠠᠯ ᠬᠢᠴᠢᠶᠡᠯ ᠡᠷᠬᠢᠯᠡᠬᠦ ᠶᠢ ᠨᠢ ᠵᠣᠭᠰᠣᠭᠠᠵᠤ ᠵᠠᠰᠠᠨ ᠴᠡᠭᠴᠡᠯᠡᠬᠦ ᠬᠡᠷᠡᠭᠲᠡᠢ᠃        ᠨᠠᠢᠮᠠ᠂ ᠡᠯ᠎ᠡ ᠰᠣᠮᠣ ᠪᠠᠯᠭᠠᠰᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠲᠣᠭᠤᠷᠢᠭ ︵ᠭᠠᠴᠠᠭ᠎ᠠ︶ ︽ᠲᠠᠪᠤᠨ ᠪᠠᠶᠢᠬᠤ ᠭᠤᠷᠪᠠᠨ ᠴᠢᠩᠭ᠎ᠠ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠬᠤ ᠬᠡᠷᠡᠭᠲᠡᠢ᠃        ᠶᠢᠰᠦ᠂ ᠦᠷᠭᠡᠨ ᠤᠯᠠᠨ ᠲᠦᠮᠡᠨ ᠳᠤ ᠰᠠᠨᠠᠭᠤᠯᠬᠤ ᠨᠢ᠂ ᠠᠯᠢ ᠴᠢᠳᠠᠬᠤ ᠪᠠᠷ ᠨᠠᠶᠢᠷ ᠴᠤᠭᠯᠠᠭᠠᠨ ᠬᠢᠬᠦ ᠶᠢ ᠪᠠᠭᠠᠰᠬᠠᠨ᠂ ᠤᠯᠠᠨ ᠬᠦᠮᠦᠨ ᠬᠤᠷᠠᠵᠦ ᠴᠤᠭᠯᠠᠷᠠᠭᠰᠠᠨ ᠤᠯᠠᠨ ᠨᠡᠶᠢᠳᠡ ᠶᠢᠨ ᠳᠠᠯᠠᠪᠤᠷ ᠲᠤ ᠤᠴᠢᠬᠤ ᠪᠠᠨ ᠪᠠᠭᠠᠰᠬᠠᠵᠦ᠂ ᠢᠯᠠᠩᠭᠤᠶ᠎ᠠ ᠠᠭᠤᠷ ᠠᠮᠢᠰᠬᠤᠯ ᠨᠡᠪᠲᠡᠷᠡᠬᠦ ᠴᠢᠨᠠᠷ ᠮᠠᠭᠤᠳᠠᠢ ᠭᠠᠵᠠᠷ ᠲᠤ ᠤᠴᠢᠬᠤ ᠪᠠᠨ ᠪᠠᠭᠠᠰᠬᠠᠭᠠᠷᠠᠢ᠃ ᠤᠯᠠᠨ ᠬᠦᠮᠦᠨ ᠬᠤᠷᠠᠵᠦ ᠴᠤᠭᠯᠠᠷᠠᠭᠰᠠᠨ ᠭᠠᠵᠠᠷ ᠲᠤ ᠤᠴᠢᠪᠠᠯ ᠪᠦᠬᠦ ᠶᠠᠪᠤᠴᠠ ᠳᠤ ᠠᠮᠠᠪᠴᠢ ᠵᠡᠬᠦᠭᠡᠷᠡᠢ᠃ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠤ ᠪᠠᠨ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠳᠠ  ᠶᠢ ᠰᠠᠶᠢᠳᠦᠷ ᠬᠢᠵᠦ᠂ ᠭᠠᠷ ᠤᠨ ᠡᠷᠡᠬᠦᠯ ᠬᠠᠮᠠᠭᠠᠯᠠᠯ ᠢ ᠰᠠᠶᠢᠳᠦᠷ ᠪᠠᠳᠤᠯᠠᠬᠤ ᠭᠡᠷᠡᠭᠳᠡᠢ᠃               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                           2020 ᠤᠨ ᠤ 12 ᠰᠠᠷ᠎ᠠ ᠶᠢᠨ 30 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号