ᠰᠢᠨ᠎ᠡ ᠪᠠᠷᠭᠤ ᠪᠠᠷᠠᠭᠤᠨ ᠬᠤᠰᠢᠭᠤ ᠵᠠᠬ᠎ᠠ ᠳᠡᠯᠭᠡᠭᠦᠷ ᠢ ᠳᠤᠭᠳᠠᠪᠦᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠵᠤ ᠪᠦᠬᠦ ᠠᠷᠠᠳ ᠢᠶᠠᠷ ᠢᠶᠠᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠣᠷᠣᠯᠴᠠᠵᠤ ᠪᠣᠢ
ᠨᠡᠶᠢᠲᠡᠯᠡᠭᠰᠡᠨ ᠴᠠᠭ᠄
2020/12/4
       ᠣᠳᠣᠬᠠᠨ ᠤ ᠬᠢᠵᠢᠭ ᠤᠨ ᠪᠠᠶᠢᠳᠠᠯ ᠳᠤ ᠴᠢᠭᠯᠡᠭᠦᠯᠦᠨ᠂ ᠮᠠᠨ ᠤ ᠬᠤᠰᠢᠭᠤ ᠭᠠᠳᠠᠨ᠎ᠠ ᠠᠴᠠ ᠬᠢᠵᠢᠭ ᠣᠷᠣᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠪᠦᠬᠦ ᠬᠤᠰᠢᠭᠤ ᠳᠠᠶᠠᠭᠠᠷ ᠢᠳᠡᠪᠬᠢᠲᠡᠢ ᠬᠥᠳᠡᠯᠦᠯᠴᠡᠵᠦ᠂ ᠬᠦᠴᠦᠨ ᠢᠶᠠᠨ ᠲᠥᠪᠯᠡᠷᠡᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠨ ᠳᠤ ᠣᠷᠣᠯᠴᠠᠵᠤ ᠪᠠᠶᠢᠨ᠎ᠠ᠃ ᠣᠶᠢᠷ᠎ᠠ ᠶᠢᠨ ᠡᠳᠦᠷ ᠠᠴᠠ ᠨᠠᠰᠢ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠠᠷᠢᠨ ᠨᠢᠭᠲᠠ ᠪᠠᠶᠢᠷᠢᠯᠠᠭᠤᠯᠤᠯᠲᠠ ᠶᠣᠰᠣᠭᠠᠷ᠂ ᠡᠯ᠎ᠡ ᠰᠠᠯᠠᠭ᠎ᠠ ᠮᠥᠴᠢᠷ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠂ ᠠᠷᠠᠳ ᠤᠨ ᠠᠮᠢᠳᠤᠷᠠᠯ ᠢ ᠪᠠᠲᠤᠯᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠪᠣᠳᠠᠰ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠠᠷᠠᠳ ᠢᠶᠠᠷ ᠢᠶᠠᠨ ᠬᠢᠵᠢᠭ ᠲᠠᠢ ᠲᠡᠮᠡᠴᠡᠬᠦ ᠳᠠᠶᠢᠨ ᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
       ᠥᠷᠯᠥᠭᠡ ᠡᠷᠲᠡ᠂ ᠵᠡᠭᠡᠯᠢ ᠳᠡᠭᠡᠷᠡᠬᠢ ᠬᠤᠳᠠᠯᠳᠤᠭ᠎ᠠ ᠶᠢᠨ ᠫᠦᠰᠡ ᠵᠣᠷᠰᠢᠯ ᠶᠣᠰᠣᠭᠠᠷ ᠡᠭᠦᠳᠡ ᠪᠠᠨ ᠨᠡᠭᠡᠭᠡᠨ ᠡᠵᠡᠩᠨᠡᠵᠦ᠂ ᠬᠤᠰᠢᠭᠤᠨ ᠤ ᠷᠠᠰᠢᠶᠠᠨ ᠵᠠᠮ ᠤᠨ ᠯᠢᠦᠢ ᠰᠧ ᠬᠠᠢ ᠶᠠᠩ ᠵᠢᠮᠢᠰ ᠢᠳᠡᠰᠢᠨ ᠨᠣᠭᠤᠭ᠎ᠠ ᠠᠮᠤ ᠲᠣᠰᠣ ᠶᠢᠨ ᠬᠡᠲᠦ ᠳᠡᠯᠭᠡᠭᠦᠷ ᠤᠨ ᠠᠵᠢᠯᠲᠠᠳ ᠴᠠᠭ ᠲᠠᠭᠠᠨ ᠠᠵᠢᠯ ᠤᠨ ᠪᠠᠶᠢᠷᠢᠨ ᠳᠤ ᠭᠠᠷᠴᠤ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯᠠᠬᠤ ᠪᠣᠯ ᠠᠵᠢᠯᠲᠠᠨ ᠨᠢᠭᠡᠪᠦᠷᠢ ᠶᠢᠨ ᠠᠵᠢᠯ ᠤᠨ ᠪᠠᠶᠢᠷᠢᠨ ᠳᠤ ᠭᠠᠷᠬᠤ ᠠᠴᠠ ᠡᠮᠦᠨ᠎ᠡ ᠡᠷᠬᠡᠪᠰᠢ ᠬᠢᠬᠦ ᠠᠵᠢᠯ ᠪᠣᠯᠣᠨ᠎ᠠ᠃ ᠬᠤᠳᠠᠯᠳᠤᠭᠠᠨ ᠤ ᠳᠡᠯᠭᠡᠭᠦᠷ ᠤᠨ ᠡᠵᠡᠨ ᠬᠤᠸᠠᠩ ᠬᠠᠢ ᠶᠠᠩ ᠤᠨ ᠲᠠᠨᠢᠯᠴᠠᠭᠤᠯᠤᠭᠰᠠᠨ ᠢᠶᠠᠷ᠂ ᠠᠵᠢᠯᠲᠠᠳ ᠤᠨ ᠠᠵᠢᠯ ᠤᠨ ᠪᠠᠶᠢᠷᠢᠨ ᠳᠤ ᠭᠠᠷᠤᠭᠰᠠᠨ ᠤ ᠳᠠᠷᠠᠭᠠᠬᠢ ᠲᠡᠷᠢᠭᠦᠨ ᠶᠠᠪᠤᠳᠠᠯ ᠪᠣᠯ ᠬᠤᠳᠠᠯᠳᠤᠭᠠᠨ ᠤ ᠳᠡᠯᠭᠡᠭᠦᠷ ᠢ ᠪᠦᠬᠦ ᠲᠠᠯ᠎ᠠ ᠪᠠᠷ ᠠᠷᠢᠭᠤᠳᠬᠠᠵᠤ᠂ ᠬᠡᠷᠡᠭᠯᠡᠭᠴᠢᠳ ᠲᠤ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠬᠠᠩᠭᠠᠬᠤ ᠶᠢ ᠪᠠᠲᠤᠯᠠᠨ᠎ᠠ᠃ ᠡᠭᠦᠨ ᠤ ᠬᠠᠮᠲᠤ ᠬᠠᠮᠤᠭ ᠤᠨ ᠢᠯᠡ ᠲᠣᠳᠣ ᠭᠠᠵᠠᠷ ᠲᠤ ᠳᠡᠯᠭᠡᠭᠦᠷ ᠲᠤ ᠣᠷᠣᠬᠤ ᠠᠩᠬᠠᠷᠬᠤ ᠵᠦᠢᠯ ᠢ ᠨᠠᠭᠠᠵᠤ᠂ ᠬᠡᠷᠡᠭᠯᠡᠭᠴᠢᠳ ᠳᠡᠯᠭᠡᠭᠦᠷ ᠲᠤ ᠣᠷᠣᠬᠤ ᠳᠤ ᠡᠷᠬᠡᠪᠰᠢ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠢᠶᠠᠨ ᠬᠡᠮᠵᠢᠭᠦᠯᠬᠦ ᠬᠡᠷᠡᠭᠲᠡᠶ᠃
       ᠣᠳᠣᠬᠠᠨ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠬᠤᠰᠢᠭᠤᠨ ᠤ ᠡᠵᠡᠩᠨᠡᠯᠲᠡ ᠶᠢᠨ ᠡᠷᠦᠬᠡ ᠳᠤ ᠬᠠᠮᠤᠭ ᠤᠨ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠲᠠᠯᠠᠪᠤᠷ ᠨᠢ ᠬᠡᠷᠡᠭᠯᠡᠭᠴᠢᠳ ᠲᠤ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ ᠶᠢᠨ ᠬᠠᠮᠲᠤ ᠳᠠᠩᠰᠠᠯᠠᠨ ᠲᠡᠮᠳᠡᠭᠯᠡᠵᠦ᠂ ᠡᠳᠦᠷ ᠪᠦᠷᠢ ᠭᠤᠷᠪᠠ ᠤᠳᠠᠭ᠎ᠠ ᠡᠵᠡᠩᠨᠡᠯᠲᠡ ᠶᠢᠨ ᠲᠠᠯᠠᠪᠤᠷ ᠭᠠᠵᠠᠷ ᠢ ᠠᠷᠢᠭᠤᠳᠬᠠᠬᠤ ᠪᠥᠭᠡᠳ ᠳᠠᠩᠰᠠᠯᠠᠨ ᠲᠡᠮᠳᠡᠭᠯᠡᠵᠦ᠂ ᠡᠵᠡᠩᠨᠡᠯᠲᠡ ᠶᠢᠨ ᠴᠠᠭ ᠲᠤ ᠠᠮᠠᠪᠴᠢ ᠵᠡᠭᠦᠬᠦ ᠬᠡᠷᠡᠭᠲᠡᠢ ᠮᠥᠷᠲᠡᠭᠡᠨ ᠠᠮᠠᠪᠴᠢ ᠵᠡᠭᠦᠬᠦ ᠥᠬᠡᠶ ᠬᠦᠮᠦᠰ ᠢ ᠣᠷᠤᠭᠤᠯᠬᠤ ᠦᠭᠡᠢ ᠪᠠᠶᠢᠬᠤ ᠵᠡᠷᠭᠡ ᠱᠠᠭᠠᠷᠳᠠᠯᠭ᠎ᠠ ᠳᠤ ᠬᠦᠷᠦᠮᠡᠨᠵᠢᠨ ᠰᠠᠶ᠋ᠢ ᠡᠭᠦᠳᠡ ᠪᠠᠨ ᠨᠡᠭᠡᠭᠡᠵᠦ ᠪᠣᠯᠣᠨ᠎ᠠ᠂ ᠪᠠᠰᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠥᠷᠨᠢᠭᠦᠯᠵᠦ᠂ ᠡᠯ᠎ᠡ ᠬᠡᠲᠦ ᠳᠡᠯᠭᠡᠭᠦᠷ ᠲᠤ ᠭᠦᠨᠵᠡᠭᠡᠶᠢᠷᠡᠨ᠂ ᠠᠵᠤ ᠠᠬᠤᠶᠢᠯᠠᠯ ᠤᠨ ᠪᠠᠷᠠᠭ᠎ᠠ ᠣᠷᠣᠭᠤᠯᠬᠤ᠂ ᠬᠥᠮᠥᠷᠭᠡᠯᠡᠬᠦ᠂ ᠪᠣᠷᠣᠯᠠᠭᠤᠯᠬᠤ ᠵᠡᠷᠭᠡ ᠪᠠᠶᠢᠳᠠᠯ ᠢ ᠴᠠᠭ ᠲᠤᠬᠠᠶ ᠳᠤᠨᠢ ᠣᠶᠢᠯᠠᠭᠠᠨ᠎ᠠ᠃ ᠡᠭᠦᠨ ᠤ ᠬᠠᠮᠲᠤ ᠬᠦᠢᠲᠡᠨ ᠬᠡᠯᠬᠢᠶᠡᠲᠦ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠢᠲᠡᠨ ᠬᠡᠯᠬᠢᠶᠡᠲᠦ ᠢᠳᠡᠭᠡᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠭᠠᠷ ᠭᠦᠢᠴᠡᠳᠬᠡᠯ ᠪᠦᠷᠢᠨ ᠪᠤᠰᠤ ᠭᠠᠳᠠᠨ᠎ᠠ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠪᠦᠬᠦ ᠲᠠᠯ᠎ᠠ ᠪᠠᠷ ᠬᠤᠳᠠᠯᠳᠤᠬᠤ ᠪᠠᠨ ᠵᠣᠭᠰᠣᠵᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠵᠤ᠂ ᠪᠠᠷᠠᠭ᠎ᠠ ᠣᠷᠣᠭᠤᠯᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃                        ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号