ᠮᠠᠨ ᠤ ᠬᠤᠰᠢᠭᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠷᠡᠭ ᠵᠥᠪᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/8
     12 ᠰᠠᠷ᠎ᠠ ᠶᠢᠨ 7 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠬᠤᠷᠠᠯ ᠤᠨ ᠭᠡᠷ ᠲᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠥᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠷᠡᠭ ᠵᠥᠪᠯᠡᠬᠦ ᠬᠤᠷᠠᠯ ᠢ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠬᠤᠰᠢᠭᠤᠨ ᠤ ᠤᠳᠤᠷᠢᠳᠤᠯᠭ᠎ᠠ ᠴᠧᠨ ᠯᠦᠩ᠂ ᠮᠠ ᠲᠠᠶᠢᠪᠤᠩ᠂ ᠸᠠᠩ ᠳ᠋ᠦᠩ᠂ ᠶᠢᠨ ᠼᠠᠩ᠂ ᠰᠢᠤᠢ ᠭᠠᠩ ᠢ ᠬᠤᠷᠠᠯ ᠳᠤ ᠣᠷᠣᠯᠴᠠᠪᠠ᠃      ᠬᠤᠷᠠᠯ ᠠᠴᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠬᠠᠮᠢᠶ᠎ᠠ ᠪᠦᠬᠦᠢ ᠰᠢᠢᠳᠪᠦᠷᠢᠯᠡᠬᠦ ᠲᠥᠰᠦᠯ ᠢ ᠬᠢᠨᠠᠨ ᠵᠥᠪᠯᠡᠵᠦ ᠪᠠᠲᠤᠯᠠᠪᠠ᠃
     ᠬᠤᠷᠠᠯ ᠠᠴᠠ᠂ ᠡᠯ᠎ᠡ ᠲᠤᠰᠬᠠᠶ ᠳᠤᠭᠤᠶᠢᠯᠠᠩ ᠤᠨ ᠬᠠᠷᠢᠭᠤᠴᠠᠯᠭᠠᠲᠠᠨ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠥᠨᠳᠥᠷᠴᠡ ᠠᠴᠠ ᠲᠤᠰᠬᠠᠶ ᠴᠡᠭᠴᠡᠯᠡᠨ ᠵᠠᠰᠠᠬᠤ ᠠᠵᠢᠯ ᠢ ᠣᠶᠢᠯᠠᠭᠠᠨ ᠡᠵᠡᠮᠰᠢᠵᠦ ᠬᠠᠰᠢ ᠶᠠᠰᠢ ᠪᠠᠶᠢᠬᠤ ᠪᠠ ᠬᠦᠩᠭᠡᠨ ᠬᠠᠭᠤᠳᠠᠮᠠᠭᠠᠢ ᠪᠠᠶᠢᠬᠤ ᠶᠢ ᠡᠷᠡᠰ ᠬᠤᠷᠢᠭᠯᠠᠬᠤ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠲᠡᠷᠡ ᠶᠣᠰᠣᠭᠠᠷ ᠨᠢ ᠨᠠᠷᠢᠯᠢᠭ ᠨᠠᠶᠢᠳᠠᠪᠤᠷᠢᠵᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ᠂ ᠡᠯ᠎ᠡ ᠰᠠᠯᠠᠭ᠎ᠠ ᠮᠥᠴᠢᠷ ︽ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠭᠠᠵᠠᠷ ᠰᠢᠷᠣᠶ ᠪᠠᠨ ᠬᠠᠮᠠᠭᠠᠯᠠᠬᠤ ᠬᠠᠷᠢᠭᠤᠴᠠᠯᠭ᠎ᠠ ᠲᠠᠢ᠂ ᠭᠠᠵᠠᠷ ᠰᠢᠷᠣᠶ ᠪᠠᠨ ᠬᠠᠮᠠᠭᠠᠯᠠᠬᠤ ᠳᠤ ᠬᠦᠴᠦᠲᠡᠢ ᠪᠠᠶᠢᠬᠤ ᠶᠢ ᠪᠡᠶᠡᠯᠡᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠨᠳᠥᠷ ᠪᠦᠲᠦᠮᠵᠢᠲᠡᠶ ᠠᠬᠢᠭᠤᠯᠬᠤ ᠶᠢ ᠪᠠᠲᠤᠯᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠢᠯᠠᠯᠲᠠ ᠶᠢ ᠣᠯᠬᠤ ᠡᠨᠡᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠠᠯᠤᠰ ᠬᠡᠲᠦ ᠳᠤ ᠰᠠᠭᠤᠷᠢᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠤᠰᠬᠠᠢ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃                           ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号