ᠬᠡᠷᠦᠯᠦᠨ ᠰᠤᠮᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠭᠤᠶᠢᠪᠢᠰᠢ ᠦᠬᠡᠢ ᠴᠢᠩᠭ᠎ᠠ ᠠᠳᠬᠤᠬᠤ ᠶᠢᠨ ᠬᠠᠮᠳᠦ  ᠮᠠᠯᠵᠢᠬᠤ ᠦᠢᠯᠡᠳᠪᠦᠷᠢᠯᠡᠯ ᠢ ᠴᠦ ᠲᠠᠰᠤᠷᠠᠯᠲᠠ ᠥᠬᠡᠶ ᠴᠢᠩᠭᠠᠳᠬᠠᠵᠦ ᠪᠤᠢ
ᠨᠡᠶᠢᠲᠡᠯᠡᠭᠰᠡᠨ ᠴᠠᠭ᠄
2020/2/27
       ᠵᠢᠯ ᠤᠨ ᠠᠵᠢᠯ ᠬᠠᠪᠤᠷ ᠲᠠᠭᠠᠨ ᠪᠠᠶᠢᠳᠠᠭ᠃ ᠣᠳᠣᠬᠠᠨ ᠳᠤ᠂ ᠥᠷᠭᠡᠨ ᠣᠯᠠᠨ ᠮᠠᠯᠴᠢᠳ ᠤᠨ ᠲᠥᠯ ᠲᠣᠰᠴᠤ  ᠪᠤᠶᠢᠵᠢᠭᠤᠯᠬᠤ ᠴᠠᠭ ᠦᠶ᠎ᠡ ᠪᠤᠯᠤᠯ᠎ᠠ᠂ ᠬᠡᠷᠦᠯᠦᠨ ᠰᠤᠮᠤᠨ ᠤ ᠮᠡᠷᠭᠡᠰᠡᠭ ᠮᠠᠯ ᠡᠮᠨᠡᠯᠭᠡ ᠶᠢᠨ ᠥᠷᠲᠡᠭᠡ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠮᠢᠶ᠎ᠠ ᠪᠥᠬᠦᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠨᠢᠭᠡ ᠲᠠᠯ᠎ᠠ ᠪᠠᠷ   ᠴᠢᠩᠭ᠎ᠠ ᠰᠡᠷᠭᠡᠶᠢᠯᠡᠨ ᠡᠵᠡᠮᠳᠡᠵᠦ᠂ ᠬᠢᠵᠢᠭ ᠤᠨ ᠪᠠᠶᠢᠳᠠᠯ ᠢ ᠢᠳᠡᠪᠬᠢᠲᠡᠶ ᠠᠷᠭᠠᠴᠠᠵᠤ᠂ ᠨᠥᠭᠦᠭᠡ ᠲᠠᠯ᠎ᠠ ᠪᠠᠷ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢ ᠰᠠᠶᠢᠲᠤᠷ ᠬᠢᠨ᠎ᠠ᠃
       ᠨᠢᠭᠡ ᠳᠤ᠂ ᠪᠥᠬᠦ ᠰᠤᠮᠤᠨ ᠤ ᠬᠡᠪᠴᠢᠶᠡᠨ ᠳᠣᠲᠣᠷ᠎ᠠ ᠱᠦᠬᠦᠷᠳᠡᠬᠦ ᠮᠠᠶ᠋ᠢᠭ ᠤᠨ ᠵᠢᠭᠰᠠᠭᠠᠨ ᠪᠠᠶᠢᠴᠠᠭᠠᠯᠲᠠ ᠬᠢᠵᠦ᠂ ᠬᠠᠷᠢᠶ᠎ᠠ ᠣᠷᠣᠨ ᠤ ᠳᠣᠲᠣᠷᠠᠬᠢ ᠲᠥᠯ ᠲᠣᠰᠬᠤ ᠡᠷᠦᠬᠡ ᠶᠢ ᠪᠦᠷᠢᠳᠬᠡᠵᠦ᠂ ᠨᠢᠭᠡ ᠡᠷᠦᠬᠡ ᠨᠢᠭᠡ ᠮᠠᠯ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠳᠤᠯᠠᠪᠠ᠃ ᠬᠤᠶᠠᠷ ᠲᠤ᠂ ᠠᠷᠢᠭᠤᠳᠬᠠᠵᠤ ᠡᠬᠢ ᠰᠤᠷᠪᠤᠯᠵᠢ ᠠᠴᠠ  ᠨᠢ ᠤᠰᠠᠳᠬᠠᠬᠤ ᠶᠢ ᠴᠢᠩᠭᠠᠳᠬᠠᠪᠠ᠃ ᠠᠷᠢᠭᠤᠳᠬᠠᠬᠤ ᠡᠮ ᠤᠨ ᠵᠦᠢᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠠᠶᠢᠷᠠᠭᠤᠯᠵᠤ᠂ 2 ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ᠂ ᠰᠤᠮᠤᠨ ᠤ ᠬᠠᠭᠭᠤᠯᠠ ᠶᠢᠨ ᠰᠠᠭᠤᠭ᠎ᠠ ᠭᠠᠵᠠᠷ ᠤᠨ 5 ᠭᠠᠴᠠᠭ᠎ᠠ 20 ᠡᠷᠦᠬᠡ᠂ ᠡᠪᠦᠯ ᠤᠨ ᠤᠯᠠᠷᠢᠯ ᠳᠤ ᠲᠦᠯ ᠲᠤᠰᠤᠭᠰᠠᠨ 21 ᠡᠷᠦᠬᠡ ᠶᠢᠨ ᠫᠧᠩ ᠰᠠᠷᠠᠪᠴᠢ ᠶᠢ ᠠᠷᠢᠭᠤᠳᠬᠠᠵᠤ᠂ ᠠᠷᠢᠭᠤᠳᠬᠠᠬᠤ ᠲᠠᠯᠠᠪᠠᠢ ᠨᠢ 12500 ᠲᠡᠭᠰᠢ ᠳᠥᠷᠪᠡᠯᠵᠢᠨ ᠮᠧᠲᠷ ᠲᠤ ᠬᠦᠷᠴᠦ᠂ ᠲᠡᠵᠢᠭᠡᠨ ᠦᠷᠡᠵᠢᠭᠦᠯᠬᠦ ᠭᠤᠭᠴᠤᠭ᠎ᠠ ᠳᠠᠬᠢ ᠠᠷᠢᠭᠤᠳᠬᠠᠵᠤ ᠡᠬᠢ ᠰᠤᠷᠪᠤᠯᠵᠢ  ᠠᠴᠠ ᠨᠢ ᠤᠰᠠᠳᠬᠠᠬᠤ ᠠᠵᠢᠯ ᠢ ᠦᠨᠡᠨᠬᠦ ᠰᠠᠶᠢᠲᠤᠷ ᠬᠢᠪᠡ᠃ ᠭᠤᠷᠪᠠ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠦᠨᠡᠨᠬᠦ ᠴᠢᠩᠭᠠᠳᠬᠠᠵᠤ᠂ ᠤᠬᠠᠭᠤᠯᠭ᠎ᠠ ᠶᠢᠨ ᠬᠠᠭᠤᠳᠠᠰᠤ᠂ ᠸᠢᠴᠠᠲ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠮᠠᠯᠴᠢᠳ ᠤᠨ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠬᠦᠯᠪᠡ᠃
       ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠬᠡᠷᠦᠯᠦᠨ ᠰᠤᠮᠤᠨ ᠤ ᠮᠡᠷᠭᠡᠰᠡᠭ ᠮᠠᠯ ᠡᠮᠨᠡᠯᠭᠡ ᠶᠢᠨ ᠥᠷᠲᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠬᠤᠯᠠ ᠠᠴᠠ ᠴᠢᠬᠤᠯᠠ ᠵᠦᠢᠯ  ᠪᠣᠯᠭᠠᠵᠤ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠮᠠᠯᠴᠢᠨ ᠲᠦᠮᠡᠨ ᠤ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠮᠠᠯᠴᠢᠳ ᠤᠨ ᠣᠷᠣᠯᠭ᠎ᠠ ᠶᠢ ᠪᠠᠲᠤᠯᠠᠵᠤ᠂ ᠡᠪᠦᠯ᠂ ᠬᠠᠪᠤᠷ ᠬᠤᠶᠠᠷ ᠤᠯᠠᠷᠢᠯ ᠤᠨ ᠮᠠᠯᠵᠢᠬᠤ ᠦᠢᠯᠡᠳᠪᠦᠷᠢᠯᠡᠯ ᠵᠢᠴᠢ ᠠᠮᠢᠳᠤᠷᠠᠯ ᠤᠨ ᠡᠳ᠋ ᠪᠣᠳᠠᠰ ᠤᠨ ᠪᠠᠳᠤᠯᠠᠭ᠎ᠠ ᠶᠢ ᠲᠣᠭᠲᠠᠭᠤᠨ ᠢᠶᠠᠷ ᠲᠦᠯᠬᠢᠨ ᠠᠬᠢᠭᠤᠯᠵᠤ᠂ ᠬᠢᠵᠢᠭ ᠰᠡᠷᠭᠡᠶᠢᠯᠡᠬᠦ ᠠᠵᠢᠯ ᠪᠠ ᠮᠠᠯᠵᠢᠬᠤ ᠦᠢᠯᠡᠳᠪᠦᠷᠢᠯᠡᠯ ᠤᠨ ᠠᠵᠢᠯ ᠢ ᠬᠤᠶᠠᠷ ᠲᠠᠯ᠎ᠠ ᠪᠠᠷ ᠠᠳᠬᠤᠬᠤ᠂ ᠬᠤᠶᠠᠷ ᠲᠠᠯ᠎ᠠ ᠶᠢ ᠥᠯᠥ ᠰᠠᠭᠠᠲᠠᠭᠠᠬᠤ ᠰᠠᠶᠢᠨ ᠪᠠᠶᠢᠳᠠᠯ ᠲᠠᠢ ᠪᠠᠶᠢᠨ᠎ᠠ᠃
                           ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号