ᠬᠢᠵᠢᠭ ᠢ ᠰᠡᠷᠭᠡᠶᠢᠯᠡᠨ ᠳᠠᠷᠤᠬᠤ ᠠᠵᠢᠯ ᠵᠠᠩᠭᠢᠯᠠᠭ᠎ᠠ ᠶᠢᠨ ᠴᠠᠭ ᠦᠶ᠎ᠡ ᠳᠤ ᠣᠷᠣᠭᠠᠳ ᠪᠠᠶᠢᠨ᠎ᠠ
ᠨᠡᠶᠢᠲᠡᠯᠡᠭᠰᠡᠨ ᠴᠠᠭ᠄
2020/2/27
      1 ᠬᠦᠮᠦᠨ ᠬᠠᠷ᠎ᠠ ᠲᠦᠪᠯᠡᠷᠡᠭᠰᠡᠨ ᠭᠠᠵᠠᠷ ᠤᠨ ᠬᠠᠷᠢᠭᠤᠴᠠᠯᠭᠠᠳᠠᠳ ᠲᠤ ᠰᠠᠨᠠᠭᠤᠯᠬᠤ ᠨᠢ᠄ ᠸᠢᠷᠦ᠋ᠰ ᠢ ᠳᠠᠷᠤᠬᠤ ᠳᠤ ᠦᠨᠴᠦᠭ ᠪᠤᠯᠤᠩ ᠢ ᠦᠯᠡᠳᠡᠭᠡᠵᠦ ᠪᠣᠯᠬᠤ ᠦᠬᠡᠢ᠃ ᠬᠢᠨᠳᠠᠨ᠂ ᠦᠨᠦᠴᠢᠳ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠨᠠᠰᠣᠳᠠᠶᠢᠴᠣᠳ ᠢ ᠠᠰᠠᠷᠠᠬᠤ ᠬᠦᠷᠢᠶᠡᠯᠡᠩ᠂ ᠬᠤᠣᠷ ᠴᠠᠭᠠᠵᠠᠯᠠᠬᠤ ᠭᠠᠵᠠᠷ ᠵᠡᠷᠬᠡ ᠲᠠᠯᠠᠪᠣᠷ ᠤᠨ ᠪᠠᠶᠢᠴᠠᠭᠠᠯᠳᠠ ᠶᠢ ᠬᠦᠢᠴᠡᠳ ᠬᠢᠵᠦ᠂ ᠪᠠᠶᠢᠳᠠᠯ ᠢ ᠴᠠᠭ ᠲᠣᠬᠠᠢ ᠳᠤᠨᠢ ᠮᠡᠳᠡᠬᠦᠯᠦᠨ᠂ ᠲᠣᠰᠠᠭᠠᠷᠯᠠᠬᠤ ᠠᠵᠢᠯ ᠢ ᠲᠦᠢᠯᠪᠣᠷᠢᠳᠠᠢ ᠬᠢᠬᠦ ᠬᠡᠷᠡᠭᠳᠠᠢ᠃       2 ᠡᠪᠡᠳᠴᠢᠳᠡᠨ ᠪᠣᠯᠣᠨ ᠲᠡᠭᠦᠨ ᠤ ᠭᠡᠷ ᠤᠨ ᠬᠦᠮᠦᠰ ᠲᠤ ᠰᠠᠨᠠᠭᠤᠯᠬᠤ ᠨᠢ᠄ ᠡᠮᠴᠢ ᠰᠣᠪᠢᠯᠠᠭᠴᠢᠳ ᠤᠨ ᠠᠵᠢᠯ ᠠᠮᠠᠷ ᠦᠬᠡᠢ ᠰᠢᠦ᠃ ᠡᠮᠴᠢᠯᠡᠭᠡᠨ ᠤ ᠠᠵᠢᠯᠳᠠᠨ ᠬᠦᠷᠦᠯᠴᠡᠬᠦ ᠦᠭᠡᠢ ᠪᠣᠯᠬᠤᠷ ᠡᠮᠴᠢ ᠰᠣᠪᠢᠯᠠᠭᠴᠢᠳ ᠪᠠᠴᠢᠮ ᠶᠠᠭᠠᠷᠠᠯᠲᠠᠢ ᠠᠵᠢᠯᠯᠠᠵᠦ ᠪᠠᠶᠢᠨ᠎ᠠ᠃ ᠡᠶᠢᠮᠦ ᠠᠴᠠ᠂ ᠲᠠ ᠨᠠᠷ ᠲᠡᠰᠪᠦᠷᠢ ᠲᠡᠪᠴᠢᠶᠡᠷᠢ ᠲᠠᠢ ᠪᠠᠶᠢᠵᠦ᠂ ᠡᠮᠴᠢ ᠰᠤᠪᠢᠯᠠᠭᠴᠢᠳ ᠢ ᠢᠯᠡᠬᠦᠬᠡᠨ ᠣᠶᠢᠯᠠᠭᠠᠬᠤ ᠶᠢ ᠬᠦᠰᠡᠵᠦ ᠪᠠᠶᠢᠨ᠎ᠠ᠃       3 ᠬᠢᠵᠢᠭ ᠤᠨ ᠰᠡᠷᠬᠡᠶᠢᠯᠡᠯᠳᠡ ᠶᠢᠨ ᠨᠡᠷ᠎ᠡ ᠪᠠᠷ ᠬᠡᠯᠪᠡᠷᠢ ᠶᠢᠨ ᠦᠵᠡᠯ ᠭᠠᠷᠭᠠᠵᠦ ᠪᠠᠶᠢᠭ᠎ᠠ ᠬᠦᠮᠦᠰ ᠲᠤ ᠰᠠᠨᠠᠭᠤᠯᠬᠤ ᠨᠢ᠄ ᠪᠤᠳᠠᠳᠠᠢ ᠠᠵᠢᠯ ᠢ ᠢᠯᠡᠭᠦᠦ ᠬᠢᠵᠦ᠂ ᠬᠡᠯᠪᠡᠷᠢ ᠶᠢᠨ ᠦᠵᠡᠯ ᠢ ᠲᠡᠪᠴᠢᠬᠡᠷᠠᠢ᠃ ᠪᠠᠴᠢᠮ ᠲᠤᠯᠭᠠᠮ᠎ᠠ ᠡᠨᠡ ᠴᠠᠭ ᠮᠦᠴᠨ ᠳᠤ ᠭᠠᠪᠢᠶ᠎ᠠ ᠱᠠᠩᠨᠠᠯ ᠭᠤᠷᠢᠳᠠᠬᠤ ᠨᠢ ᠴᠢᠬᠤᠯᠨ ᠪᠢᠰᠢ᠂ ᠬᠠᠷᠢᠨ ᠸᠢᠷᠦ᠋ᠰ ᠢ ᠬᠡᠷᠬᠢᠨ ᠰᠡᠷᠭᠡᠶᠢᠯᠡᠨ ᠳᠠᠷᠤᠬᠤ ᠨᠢ ᠬᠠᠮᠤᠭ ᠤᠨ ᠴᠢᠬᠤᠯᠨ ᠶᠤᠮ᠃       4 ᠠᠵᠢᠯ ᠠᠯᠪᠠ ᠪᠠᠨ ᠰᠡᠷᠭᠦᠭᠡᠭᠰᠡᠨ ᠪᠠᠶᠢᠭᠤᠯᠭ᠎ᠠ ᠨᠢᠭᠡᠴᠡ ᠳᠤ ᠰᠠᠨᠠᠭᠤᠯᠬᠤ ᠨᠢ᠄ ᠬᠠᠮᠢᠶᠠᠷᠣᠯᠳᠠ ᠪᠠᠨ ᠴᠢᠩᠭᠠᠳᠬᠠᠵᠦ᠂ ᠠᠮᠣᠷ ᠲᠦᠪᠰᠢᠨ ᠢ ᠪᠠᠳᠣᠯᠠᠭᠠᠷᠠᠢ᠃ ᠠᠯᠪᠠᠯᠠᠬᠤ ᠪᠠ ᠬᠤᠷᠠᠯ ᠬᠢᠬᠦ ᠶᠢ ᠵᠣᠬᠢᠰᠳᠠᠢ ᠲᠣᠬᠢᠷᠠᠭᠤᠯᠵᠦ᠂ ᠠᠵᠢᠯᠲᠠᠨ ᠤᠨ ᠢᠶᠠᠨ ᠪᠡᠶ᠎ᠡ ᠶᠢᠨ ᠪᠠᠶᠢᠳᠠᠯ ᠢ ᠨᠢᠭᠳᠠ ᠠᠩᠬᠠᠷᠣᠨ᠂ ᠠᠮᠣᠷ ᠲᠦᠪᠰᠢᠨ ᠢᠶᠠᠷ ᠠᠵᠢᠯᠯᠠᠬᠤ ᠶᠢ ᠪᠠᠳᠣᠯᠠᠬᠤ ᠬᠡᠷᠡᠭᠳᠠᠢ᠃       5 ᠠᠵᠢᠯᠲᠠᠨ ᠠᠵᠢᠯᠴᠢᠳ ᠲᠤ ᠰᠠᠨᠠᠭᠤᠯᠬᠤ ᠨᠢ᠄ ᠬᠠᠮᠢᠶᠠᠲᠠᠢ ᠲᠦᠷᠢᠮ ᠲᠣᠭᠲᠠᠭᠠᠯ ᠶᠣᠰᠣᠭᠠᠷ ᠪᠡᠶ᠎ᠡ ᠪᠠᠨ ᠲᠣᠰᠠᠭᠠᠷᠯᠠᠭᠰᠠᠨ ᠤ ᠲᠠᠷᠠᠭ᠎ᠠ ᠰᠠᠶ᠋ᠢ ᠠᠵᠢᠯ ᠠᠯᠪᠠᠨ ᠳᠠᠭᠠᠨ ᠣᠴᠢᠭᠠᠷᠠᠢ᠃ ᠡᠪᠡᠳᠴᠢᠨ ᠤ ᠢᠯᠡᠷᠡᠯ ᠭᠠᠷᠪᠠᠯ ᠴᠠᠭ ᠲᠣᠬᠠᠢ ᠳᠤᠨᠢ ᠳᠡᠭᠡᠭᠰᠢ ᠮᠡᠳᠡᠬᠦᠯᠦᠬᠡᠷᠠᠢ᠃ ᠪᠢᠳᠡᠬᠡᠢ ᠡᠪᠡᠳᠴᠢᠨ ᠤ ᠪᠠᠶᠢᠳᠠᠯ ᠢᠶᠠᠨ ᠨᠢᠭᠤᠵᠦ᠂ ᠬᠡᠳᠦᠨ ᠳ᠋ᠦᠩᠰᠢᠭᠤᠷ ᠬᠦᠮᠦᠨ ᠤ ᠴᠢᠷᠮᠠᠶᠢᠯᠳᠠ ᠶᠢ ᠲᠠᠯᠠᠭᠠᠷ ᠪᠣᠯᠭᠠᠭᠠᠷᠠᠢ᠃       6 ᠳᠠᠶᠠᠭᠠᠷ ᠣᠯᠠᠨ ᠳᠤ ᠰᠠᠨᠠᠭᠤᠯᠬᠤ ᠨᠢ᠄ ᠬᠢᠵᠢᠭ ᠤᠨ ᠪᠠᠶᠢᠳᠠᠯ ᠬᠠᠷᠠᠬᠠᠨ ᠡᠷᠬᠢᠯᠳᠡ ᠭᠠᠷᠤᠭ᠎ᠠ ᠦᠬᠡᠢ ᠪᠣᠯᠬᠤᠷ ᠰᠡᠷᠬᠡᠶᠢᠯᠡᠯᠳᠡ ᠶᠢ ᠬᠦᠩᠬᠡᠪᠴᠢᠯᠡᠵᠦ ᠪᠣᠯᠬᠤ ᠦᠬᠡᠢ᠃ ᠭᠠᠳᠠᠭᠰᠢ ᠭᠠᠷᠬᠤ ᠳᠠᠭᠠᠨ ᠠᠮᠠᠪᠴᠢ ᠵᠡᠬᠦᠵᠦ᠂ ᠭᠠᠷ ᠢᠶᠠᠨ ᠪᠠᠶᠢᠩᠭᠤ ᠤᠬᠢᠶᠠᠵᠦ᠂ ᠬᠤᠷᠠᠵᠦ ᠴᠣᠭᠯᠠᠷᠠᠬᠤ ᠪᠠᠨ ᠴᠦᠬᠡᠳᠬᠡᠵᠦ᠂ ᠬᠡᠷ ᠲᠡᠭᠡᠨ ᠠᠭᠠᠷ ᠰᠠᠯᠬᠢ ᠨᠡᠪᠳᠡᠷᠡᠬᠦᠯᠦᠨ᠂ ᠢᠳᠡᠪᠬᠢᠳᠠᠢ ᠪᠠᠷ ᠪᠠᠶᠢᠳᠠᠯ ᠢᠶᠠᠨ ᠮᠡᠳᠡᠬᠦᠯᠵᠦ᠂ ᠡᠪᠡᠳᠴᠢᠨ ᠤ ᠢᠯᠡᠷᠡᠯ ᠭᠠᠷᠪᠠᠯ ᠳᠠᠷᠦᠢ ᠲᠦᠷᠬᠡᠨ ᠡᠮᠴᠢᠯᠡᠬᠦᠯᠬᠦ ᠶᠢ ᠪᠣᠳᠣᠭᠠᠷᠠᠢ᠃       ᠪᠡᠶ᠎ᠡ ᠶᠢᠨ ᠲᠣᠯᠠᠭᠠᠨ ᠢᠶᠠᠨ ᠢᠳᠡᠪᠬᠢᠳᠠᠢ ᠬᠡᠮᠵᠢᠬᠦᠯᠵᠦ ᠪᠠᠶᠢᠭᠠᠷᠠᠢ᠃ ᠣᠨᠴᠠᠭᠠᠢ ᠴᠠᠭ ᠦᠶ᠎ᠡ ᠪᠣᠯᠬᠤᠷ᠂ ᠪᠡᠶ᠎ᠡ ᠶᠢᠨ ᠲᠣᠯᠠᠭᠠᠨ ᠤ ᠬᠡᠮᠵᠢᠯᠳᠠ᠂ ᠴᠢᠮᠡᠭᠡ ᠵᠠᠩᠬᠢ ᠶᠢᠨ ᠪᠦᠷᠢᠳᠬᠡᠯ ᠵᠡᠷᠬᠡ ᠶᠢ ᠬᠦᠢᠴᠡᠳᠬᠡᠵᠦ ᠪᠠᠶᠢᠭ᠎ᠠ ᠠᠵᠢᠯᠲᠠᠳ ᠢ ᠣᠶᠢᠯᠠᠭᠠᠨ᠂ ᠢᠮᠠᠭᠳᠠ ᠲᠡᠳᠡᠨ ᠲᠠᠢ ᠬᠠᠮᠵᠢᠯᠴᠠᠵᠦ ᠪᠠᠶᠢᠭᠠᠷᠠᠢ᠃       ᠴᠣᠣᠷᠬᠠᠯ ᠢ ᠢᠳᠡᠬᠡᠬᠦ ᠦᠬᠡᠢ᠂ ᠴᠣᠣᠷᠬᠠᠯ ᠲᠡᠭᠳᠡᠬᠡᠬᠦ ᠦᠬᠡᠢ᠂ ᠡᠷᠬᠡ ᠰᠦᠷᠳᠣ ᠬᠡᠪᠯᠡᠯ ᠮᠡᠳᠡᠭᠡᠯᠡᠯ ᠤᠨ ᠮᠡᠳᠡᠭᠡᠯᠡᠯ ᠳᠤ ᠠᠩᠬᠠᠷᠤᠯ ᠢᠶᠠᠨ ᠬᠠᠨᠳᠤᠭᠤᠯᠵᠤ ᠪᠠᠶᠢᠭᠠᠷᠠᠢ︕
 
ᠢᠷᠡᠯᠲᠡ᠄ ᠬᠦᠯᠦᠨ ᠪᠤᠶᠢᠷ ᠤᠨ ᠷᠠᠳᠢᠤ᠋ ᠲᠧᠯᠸᠢᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号