ᠨᠠᠷᠠᠰᠤ ᠪᠣᠭᠳᠠᠠᠭᠤᠯᠠ ᠰᠤᠮᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠬᠤ ᠳᠠᠭᠠᠨ ᠴᠢᠩᠭᠠᠳᠬᠠᠭᠰᠠᠨ ᠨᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2020/2/3
        ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠬᠢᠯᠡᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠶ ᠴᠤᠤᠷᠢᠶᠠᠲᠤᠨ ᠳᠠᠭᠠᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ 2 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠨᠠᠷᠠᠰᠤ ᠦᠨᠳᠦᠰᠦᠨ ᠱᠠᠲᠤᠨ ᠳᠤ ᠳᠠᠬᠢᠨᠲᠠ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠷᠨᠢᠭᠦᠯᠬᠦ ᠶᠢ ᠪᠠᠶᠢᠴᠠᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠢᠨ ᠼᠠᠩ ᠪᠠᠷ᠎ᠠ ᠪᠤᠯᠤᠯᠴᠠᠪᠠ᠃
       ᠥᠷᠯᠥᠭᠡ ᠡᠷᠳᠡ᠂ ᠨᠠᠷᠠᠰᠦ ᠤᠷᠱᠤᠨ ᠬᠥᠭᠦᠷᠭᠡ ᠶᠢᠨ ᠵᠠᠮ ᠤᠨ ᠠᠭᠤᠯᠵᠠᠷ ᠲᠤ ᠬᠦᠷᠴᠦ ᠢᠷᠡᠭᠡᠳ᠂ ︽ᠡᠳᠦᠷ ᠬᠦᠢᠳᠡᠨ ᠪᠠᠶᠢᠨ᠎ᠠ᠂ ᠲᠠ ᠨᠠᠷ ᠳᠠᠭᠠᠷᠠᠵᠦ ᠪᠠᠶᠢᠨ᠎ᠠ ᠦᠦ︖︾ ︽ᠨᠠᠰᠢ ᠴᠠᠰᠢ ᠶᠠᠪᠤᠬᠤ ᠬᠦᠮᠦᠨ ᠳᠡᠷᠭᠡ ᠠᠵᠢᠯ  ᠳᠤ ᠴᠢᠨᠢ ᠬᠠᠮᠵᠢᠯᠴᠠᠵᠦ ᠪᠠᠶᠢᠨ᠎ᠠ ᠦᠦ︖︾ ᠭᠡᠵᠦ ᠬᠠᠯᠠᠮᠵᠢᠯᠠᠨ ᠠᠰᠠᠭᠤᠵᠦ᠂ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠳᠭᠡᠵᠦ᠂ ᠨᠢᠭᠡᠳᠦᠭᠡᠷ ᠹᠷᠣᠨᠲ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠪᠣᠯᠤᠨ ᠡᠮᠴᠢ ᠶᠢᠨ ᠰᠡᠳᠬᠢᠯ ᠢ ᠳᠤᠯᠠᠭᠠᠴᠠᠭᠤᠯᠤᠨ᠎ᠠ᠃ ᠨᠠᠷᠠᠰᠦ᠂ ᠠᠵᠢᠯ ᠤᠨ ᠪᠠᠶᠢᠷᠢ ᠪᠠᠨ ᠪᠠᠲᠤ ᠰᠠᠬᠢᠬᠤ ᠶᠢᠨ ᠬᠠᠮᠲᠤ᠂ ᠥᠪᠡᠷ ᠢ ᠪᠠᠨ ᠬᠠᠮᠠᠭᠠᠯᠠᠬᠤ ᠪᠠ ᠵᠢᠵᠢᠬᠦᠷ ᠡᠬᠡᠯᠵᠢ ᠶᠢᠨ ᠠᠵᠢᠯ ᠤᠨ ᠪᠠᠶᠢᠷᠢ ᠲᠣᠬᠢᠷᠠᠭᠤᠯᠵᠤ ᠵᠣᠬᠢᠰᠲᠠᠶ ᠠᠵᠢᠯᠯᠠᠵᠦ ᠠᠮᠠᠷᠠᠬᠤ ᠶᠢ ᠠᠩᠬᠠᠷᠬᠤ ᠬᠡᠷᠡᠭᠲᠡᠶ ᠭᠡᠵᠦ ᠰᠠᠨᠠᠭᠤᠯᠵᠠᠢ᠃ ᠣᠳᠣᠬᠠᠨ ᠳᠤ ᠴᠠᠭᠠᠨ ᠰᠠᠷ᠎ᠠ ᠶᠢᠨ ᠳᠡᠭᠡᠭᠡᠪᠦᠷᠢ ᠶᠢᠨ ᠪᠤᠴᠠᠵᠤ ᠢᠷᠡᠬᠦ ᠬᠤᠭᠤᠴᠠᠭᠠᠨ ᠳᠤ ᠤᠷᠤᠭᠠᠳ ᠪᠤᠢ᠂ ᠣᠯᠠᠨ ᠢᠶᠠᠷ ᠢᠶᠠᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ  ᠴᠢᠩᠭ᠎ᠠ ᠨᠢᠮᠪᠠᠢ ᠬᠢᠵᠦ᠂ ᠨᠢᠭᠡ ᠲᠡᠷᠭᠡ ᠨᠢᠭᠡ ᠬᠥᠮᠦᠨ ᠢ ᠴᠦ ᠤᠷᠬᠢᠭᠳᠠᠭᠤᠯᠬᠤ ᠦᠭᠡᠶ ᠪᠠᠷ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠶ ᠬᠡᠪᠡ᠃
       ᠨᠠᠷᠠᠰᠤ ᠪᠣᠭᠳᠠᠠᠭᠤᠯᠠ ᠰᠤᠮᠤᠨ ᠳᠤ ᠬᠦᠷᠴᠦ᠂ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠪᠠ᠃ ᠨᠠᠷᠠᠰᠦ ᠵᠢᠭᠠᠵᠤ ᠭᠠᠷᠭᠠᠭᠰᠠᠨ ᠨᠢ᠂ ᠭᠤᠤᠯ ᠬᠠᠷᠢᠭᠤᠴᠠᠯᠭᠠᠲᠠᠨ ᠨᠥᠬᠦᠳ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠮᠦᠨ᠎ᠡ ᠹᠷᠣᠨᠲ ᠲᠤ ᠲᠦᠷᠦᠬᠦᠯᠡᠨ ᠵᠢᠯᠤᠭᠤᠳᠴᠦ ᠠᠵᠢᠯᠯᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠠᠶᠢᠴᠢᠨ ᠪᠠᠬᠢᠯᠡᠯᠲᠡ ᠶᠢᠨ ᠦᠢᠯᠡᠳᠤᠯ ᠢᠶᠠᠨ ᠪᠠᠳᠠᠷᠠᠭᠤᠯᠵᠤ᠂ ᠲᠤᠤᠷ ᠬᠦᠰᠦᠨᠦᠭᠵᠢᠬᠦᠯᠦᠨ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠨᠢᠮᠪᠠᠶ ᠥᠷᠨᠢᠭᠦᠯᠵᠦ᠂ ᠨᠡᠭᠦᠳᠡᠯ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠳᠠᠷᠤᠭᠠᠳ ᠮᠡᠳᠡᠭᠦᠯᠬᠦ ᠥᠬᠡᠶ ᠣᠷᠬᠢᠭᠳᠠᠭᠤᠯᠤᠭᠰᠠᠨ ᠬᠥᠮᠦᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ ᠰᠤᠷᠤᠯᠴᠠᠯᠭ᠎ᠠ ᠪᠠᠨ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠳᠣᠬᠠᠨ ᠤ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠲᠡᠷᠢᠭᠦᠨ ᠤ ᠭᠠᠵᠠᠷ ᠣᠷᠣᠨ ᠤ ᠰᠠᠶᠢᠨ ᠲᠣᠷᠰᠢᠯᠭ᠎ᠠ ᠰᠠᠶᠢᠨ ᠠᠷᠭ᠎ᠠ ᠬᠢᠳᠡᠯ ᠢ ᠰᠤᠷᠤᠯᠴᠠᠵᠤ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠳᠠᠯ ᠢᠶᠠᠨ ᠨᠦᠬᠦᠪᠦᠷᠢᠯᠡᠬᠦ ᠬᠡᠷᠡᠭᠲᠡᠶ᠃ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠬᠢᠵᠢᠭ ᠤᠨ ᠬᠠᠯᠳᠠᠪᠤᠷᠢᠲᠤ ᠴᠢᠨᠠᠷ ᠪᠣᠯᠤᠨ ᠡᠳᠦᠷ ᠲᠤᠲᠤᠮ ᠤᠨ ᠰᠡᠷᠭᠡᠶᠢᠯᠡᠬᠦ ᠠᠷᠭ᠎ᠠ ᠶᠢ ᠥᠷᠭᠡᠨ ᠢᠶᠠᠷ ᠤᠬᠠᠭᠤᠯᠵᠤ᠂ ᠮᠠᠯᠴᠢᠨ ᠲᠦᠮᠡᠨ ᠤ ᠰᠡᠷᠭᠡᠶᠢᠯᠡᠬᠦ ᠣᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠣᠶᠠᠨᠴᠢ ᠰᠤᠷᠲᠠᠯ ᠪᠣᠯᠤᠨ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ᠡᠮᠦᠨ᠎ᠡ ᠹᠷᠣᠨᠲ ᠲᠤ ᠨᠠᠮ ᠤᠨ ᠭᠡᠰᠢᠭᠦᠨ ᠺᠠᠳ᠋ᠷ ᠢ ᠢᠯᠭᠠᠨ ᠲᠠᠨᠢᠬᠤ᠂ ᠳᠠᠪᠲᠠᠨ ᠪᠣᠯᠪᠠᠰᠤᠷᠠᠭᠤᠯᠬᠤ ᠪᠠ ᠰᠢᠯᠭᠠᠨ ᠪᠠᠶᠢᠴᠠᠭᠠᠬᠤ ᠶᠢ ᠴᠢᠬᠤᠯᠠᠴᠢᠯᠠᠬᠤ ᠬᠡᠷᠡᠭᠲᠡᠢ ᠭᠡᠪᠡ᠃
       ᠨᠠᠷᠠᠰᠤ ᠪᠠᠰᠠ ᠮᠠᠯᠵᠢᠬᠤ ᠡᠷᠦᠬᠡ ᠳᠤ ᠬᠦᠨᠵᠡᠭᠡᠶᠢᠷᠡᠵᠦ᠂ ᠮᠠᠯᠴᠢᠳ ᠲᠠᠢ ᠰᠠᠨᠠᠯ ᠢᠶᠠᠨ ᠰᠣᠯᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠶᠢᠯᠠᠭᠠᠬᠤ ᠡᠰᠡᠬᠦ ᠶᠢ ᠨᠠᠷᠢᠯᠢᠭ ᠯᠠᠪᠯᠠᠨ ᠠᠰᠠᠭᠤᠪᠠ᠃ ᠨᠠᠷᠠᠰᠤ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠴᠢᠬᠤᠯᠠᠴᠢᠯᠠᠭᠰᠠᠨ ᠲᠠᠢ ᠠᠳᠠᠯᠢ ᠪᠠᠷ᠂ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠨᠢᠭᠡ ᠤᠳᠠᠭᠠᠨ ᠤ ᠬᠤᠷᠢᠭᠯᠠᠨ ᠴᠣᠬᠢᠬᠤ ᠪᠠᠶᠢᠯᠳᠤᠭᠠᠨ ᠮᠥᠨ᠂ ᠭᠠᠵᠠᠷ ᠪᠣᠯᠭᠠᠨ ᠪᠠᠶᠢᠯᠳᠤᠭᠠᠨ ᠤ ᠲᠠᠯᠠᠪᠤᠷ᠂ ᠬᠥᠮᠦᠨ ᠪᠣᠯᠭᠠᠨ ᠪᠠᠶᠢᠯᠳᠤᠭᠴᠢ ᠮᠥᠨ᠂ ᠬᠤᠪᠢ ᠬᠥᠮᠦᠨ᠂ ᠬᠡᠷ ᠪᠦᠯᠢ᠂ ᠭᠠᠴᠠᠭ᠎ᠠ ᠲᠣᠰᠬᠤᠨ ᠭᠡᠰᠡᠨ ᠦᠬᠡᠢ ᠴᠥᠮ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠠᠯ᠂ ᠪᠢᠳᠡ ᠰᠠᠶ᠋ᠢ ᠡᠨᠡ ᠤᠳᠠᠭᠠᠨ ᠤ ᠪᠠᠶᠢᠯᠳᠤᠭᠠᠨ ᠤ ᠢᠯᠠᠯᠲᠠ ᠶᠢ ᠣᠯᠵᠤ ᠴᠢᠳᠠᠬᠤ ᠨᠢ ᠯᠠᠪᠳᠠᠢ ᠬᠡᠵᠡᠢ᠃
       ᠪᠣᠭᠳᠠᠠᠭᠤᠯᠠ ᠦᠨᠳᠤᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠬᠡᠲᠦ ᠳᠡᠯᠭᠡᠭᠦᠷ ᠲᠤ ᠬᠦᠷᠴᠦ ᠪᠠᠶᠢᠴᠠᠭᠠᠬᠤ ᠳᠠᠭᠠᠨ ᠨᠠᠷᠠᠰᠦ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠡᠪᠡᠳᠴᠢᠨ ᠦᠵᠡᠭᠦᠯᠬᠦ ᠪᠠᠷ ᠢᠷᠡᠭᠰᠡᠨ ᠬᠠᠯᠠᠭᠤᠷᠠᠵᠦ ᠪᠠᠶᠢᠭ᠎ᠠ ᠡᠪᠡᠳᠴᠢᠲᠡᠨ ᠢ ᠵᠢᠭᠰᠠᠭᠠᠨ ᠪᠠᠶᠢᠴᠠᠭᠠᠬᠤ᠂ ᠳᠠᠩᠰᠠᠯᠠᠬᠤ ᠪᠠ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃ ᠡᠭᠦᠨ ᠤ ᠬᠠᠮᠲᠤ᠂ ᠡᠮᠨᠡᠯᠭᠡ ᠶᠢᠨ ᠠᠵᠢᠯᠲᠠᠨ ᠳᠤ ᠵᠠᠪᠠᠯ ᠥᠪᠡᠷ ᠢ ᠪᠠᠨ ᠬᠠᠮᠠᠭᠠᠯᠠᠬᠤ ᠠᠵᠢᠯ ᠢᠶᠠᠨ ᠴᠢᠩᠭᠠᠳᠬᠠᠵᠤ᠂ ᠲᠣᠰ ᠪᠡᠶ᠎ᠡ ᠶᠢᠨ ᠡᠷᠡᠭᠦᠯ ᠮᠡᠨᠳᠦ ᠪᠠ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠤᠭᠰᠠᠨ ᠪᠠᠶᠢᠨ᠎ᠠ᠃ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ᠠᠷᠢᠭᠤᠳᠬᠠᠵᠤ ᠪᠠᠺᠲ᠋ᠧᠷᠢ ᠤᠰᠠᠳᠬᠠᠬᠤ ᠤᠳᠠᠭ᠎ᠠ ᠪᠠᠨ ᠨᠡᠮᠡᠭᠳᠡᠬᠦᠯᠵᠦ᠂ ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠬᠠᠮᠠᠭᠠᠯᠠᠬᠤ ᠬᠡᠷᠡᠭᠲᠡᠶ ᠭᠡᠵᠡᠢ᠃                                  ᠤᠷᠴᠢᠭᠤᠯᠤᠭᠴᠢ᠄ ᠤᠳᠤᠠᠭᠡᠷᠡᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号