ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷᠠᠰᠤ ᠬᠥᠯᠥᠨ ᠪᠠᠯᠭᠠᠰᠦ ᠶᠢᠨ ᠬᠥᠯᠥᠨ ᠠᠶᠢᠯ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/3/2
      ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷᠠᠰᠤ ᠬᠥᠯᠥᠨ ᠪᠠᠯᠭᠠᠰᠦ ᠶᠢᠨ ᠬᠥᠯᠥᠨ ᠠᠶᠢᠯ ᠨᠡᠶᠢᠭᠡᠮ ᠲᠤᠭᠤᠷᠢᠭ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠪᠣᠯᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ᠂ ᠬᠥᠯᠥᠨ ᠪᠠᠯᠭᠠᠰᠤ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠᠷ᠎ᠠ ᠪᠤᠯᠤᠯᠴᠠᠵᠠᠢ᠃
      ᠨᠠᠷᠠᠰᠤ ᠬᠥᠯᠥᠨ ᠠᠶᠢᠯ ᠨᠡᠶᠢᠭᠡᠮ ᠲᠣᠭᠤᠷᠢᠭ ᠤᠨ ᠠᠮᠢ ᠠᠬᠤᠢ ᠶᠢᠨ ᠬᠦᠷᠢᠶᠡᠯᠡᠩ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠲᠤᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ ᠰᠢᠨᠵᠢᠯᠡᠨ ᠪᠠᠶᠢᠴᠠᠭᠠᠵᠤ᠂ ᠥᠩᠭᠡᠷᠡᠭᠰᠡᠨ ᠨᠢᠭᠡ ᠵᠢᠯ ᠤᠨ ᠠᠮᠢ ᠠᠬᠤᠢ ᠶᠢᠨ ᠬᠦᠷᠢᠶᠡᠯᠡᠩ ᠤᠨ ᠲᠠᠷᠢᠵᠦ ᠤᠷᠭᠤᠭᠤᠯᠬᠤ ᠦᠢᠯᠡᠰ ᠤᠨ ᠠᠵᠤ ᠠᠬᠤᠢ ᠶᠢᠨ ᠦᠷ᠎ᠡ ᠠᠰᠢᠭ ᠤᠨ ᠪᠠᠶᠢᠳᠠᠯ ᠢ ᠨᠠᠷᠢᠯᠢᠭ ᠣᠶᠢᠯᠠᠭᠠᠪᠠ᠃ ᠳᠠᠷᠠᠭ᠎ᠠ ᠳᠤᠨᠢ ᠶᠠᠷᠢᠯᠴᠠᠬᠤ ᠭᠡᠯᠪᠡᠷᠢ ᠪᠠᠷ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ ᠪᠠᠶᠢᠳᠠᠯ ᠵᠢᠴᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠠᠬᠢᠴᠡ ᠶᠢᠨ ᠪᠠᠶᠢᠳᠠᠯ ᠢ ᠨᠠᠷᠢᠯᠢᠭ ᠤᠶᠢᠯᠠᠭᠠᠵᠦ ᠴᠢᠩᠭᠠᠳᠬᠠᠭᠰᠠᠨ ᠨᠢ᠂ ᠨᠢᠭᠡ ᠳᠤ᠂ ᠬᠥᠯᠥᠨ ᠠᠶᠢᠯ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠤᠯᠠᠮ ᠨᠢᠬᠡ ᠠᠯᠬᠤᠮ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠤᠶᠤᠨᠴᠢᠯᠠᠬᠤ ᠰᠦᠯᠵᠢᠶᠠᠵᠢᠭᠦᠯᠬᠦ ᠰᠦᠯᠵᠢᠶᠠᠴᠢᠯᠠᠭᠰᠠᠨ ᠬᠠᠮᠢᠶᠠᠷᠤᠯᠲᠠ ᠶᠢᠨ ᠲᠣᠭᠳᠠᠴᠠ ᠶᠢ ᠲᠦᠷᠭᠡᠳᠬᠡᠨ ᠪᠠᠶᠢᠭᠤᠯᠵᠤ᠂ ᠨᠡᠶᠢᠭᠡᠮ ᠲᠣᠭᠤᠷᠢᠭ ᠢ ᠠᠷᠠᠳᠴᠢᠯᠠᠭᠰᠠᠨ ᠬᠠᠮᠢᠶᠠᠷᠤᠯᠲᠠ ᠲᠠᠢ᠂ ᠦᠢᠯᠡᠴᠢᠯᠡᠭᠡ ᠪᠦᠷᠢᠨ ᠲᠡᠭᠦᠯᠳᠡᠷ᠂ ᠠᠮᠤᠷ ᠲᠣᠭᠲᠠᠭᠤᠨ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠶᠢᠭᠡᠮ ᠤᠨ ᠠᠮᠢᠳᠤᠷᠠᠯ ᠤᠨ ᠬᠠᠮᠲᠤ ᠶᠢᠨ ᠴᠣᠭᠴᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠦᠭᠵᠢᠭᠡᠨ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ︽ᠨᠠᠮ ᠤᠨ ᠡᠭᠦᠷ +︾ ᠴᠢᠳᠠᠮᠵᠢ ᠶᠢᠨ ᠬᠡᠯᠪᠡᠷᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠠᠭᠪᠤᠷ ᠢ ᠢᠳᠡᠪᠬᠢᠳᠡᠢ ᠰᠦᠪᠡᠭᠴᠢᠯᠡᠨ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠳᠠᠷᠠᠭᠤᠯᠤᠨ᠂ ᠤᠯᠠᠨ ᠲᠦᠮᠡᠨ ᠳᠤ ᠦᠢᠯᠡᠴᠢᠯᠡᠬᠦ ᠬᠡᠷᠡᠭᠲᠡᠢ᠃ ᠭᠤᠷᠪᠠ ᠳᠤ᠂ ᠬᠥᠯᠥᠨ ᠠᠶᠢᠯ ᠨᠡᠶᠢᠭᠡᠮ ᠲᠣᠭᠤᠷᠢᠭ ᠤᠨ ᠲᠣᠰ ᠪᠡᠶ᠎ᠡ ᠶᠢᠨ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠭᠢᠨᠵᠢ ᠶᠢ ᠪᠤᠢ ᠪᠣᠯᠭᠠᠵᠤ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠣᠯᠠᠨ ᠲᠦᠮᠡᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠬᠡᠷᠡᠭᠲᠡᠶ ᠬᠡᠪᠡ᠃        ᠪᠠᠶᠢᠴᠠᠭᠠᠨ ᠰᠤᠳᠤᠯᠤᠯᠲᠠ ᠶᠢᠨ ᠳᠤᠮᠳᠠ᠂ ᠨᠠᠷᠠᠰᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠥᠯ ᠲᠣᠰᠴᠤ ᠪᠤᠶᠢᠵᠢᠭᠤᠯᠬᠤ ᠵᠡᠷᠭᠡ ᠠᠵᠢᠯ ᠢ ᠴᠢᠩᠭᠠᠳᠬᠠᠭᠰᠠᠨ ᠪᠠᠶᠢᠨ᠎ᠠ᠃        ᠤᠷᠴᠢᠭᠤᠯᠤᠭᠴᠢ᠄ ᠣᠳᠣᠨᠬᠡᠷᠡᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号