ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠠᠯᠠᠶᠢᠪᠠᠳᠦ ᠲᠦᠯ ᠲᠤᠰᠴᠤ ᠪᠤᠶᠢᠵᠢᠭᠤᠯᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/3/2
     2 ᠰᠠᠷ᠎ᠠ ᠶᠢᠨ 28 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠠᠯᠠᠶᠢᠪᠠᠳᠦ ᠪᠤᠶᠢᠷ ᠰᠤᠮᠤᠨ ᠳᠤ ᠭᠦᠨᠵᠡᠭᠡᠶᠢᠷᠡᠨ ᠲᠥᠯ ᠲᠤᠰᠴᠤ ᠪᠤᠶᠢᠵᠢᠭᠤᠯᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠤᠳᠪᠠ᠃
      ᠲᠠᠯᠠᠶᠢᠪᠠᠳᠦ ᠤᠷᠢᠳ ᠬᠤᠵᠢᠳ ᠪᠣᠶᠢᠷ ᠰᠣᠮᠣ ᠶᠢᠨ ᠪᠤᠳᠠᠭᠠᠳᠦ ᠭᠠᠴᠠᠭᠠᠨ ᠤ ᠦᠬᠡᠷ ᠲᠡᠵᠢᠭᠡᠬᠦ ᠰᠠᠭᠤᠷᠢᠨ ᠭᠠᠵᠠᠷ᠂ ᠪᠣᠶᠢᠷ ᠭᠠᠴᠠᠭᠠᠨ ᠤ ᠬᠦᠰᠡᠯ ᠦᠬᠡᠷ ᠲᠡᠵᠢᠭᠡᠬᠦ ᠬᠤᠷᠰᠢᠶᠠᠵᠢᠯ ᠵᠢᠴᠢ ᠠᠰᠠᠷ ᠦᠬᠡᠷ ᠲᠡᠵᠢᠭᠡᠬᠦ ᠬᠤᠷᠰᠢᠶᠠᠵᠢᠯ ᠳᠤ ᠭᠦᠨᠵᠡᠭᠡᠶᠢᠷᠡᠨ᠂ ᠮᠠᠯ ᠤᠨ ᠲᠥᠯ ᠲᠣᠰᠴᠤ ᠪᠤᠶᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠣᠳᠣᠬᠠᠨ ᠤ ᠮᠠᠯᠴᠢᠳ ᠤᠨ ᠲᠥᠯ ᠲᠣᠰᠴᠤ ᠪᠤᠶᠢᠵᠢᠭᠤᠯᠵᠤ ᠪᠠᠶᠢᠭ᠎ᠠ ᠠᠵᠢᠯ ᠤᠨ ᠠᠬᠢᠴᠠ᠂ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨᠤᠭ᠎ᠠ ᠶᠢ ᠲᠡᠵᠢᠭᠡᠵᠦ ᠪᠤᠷᠳᠤᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠠᠷᠢᠯᠢᠭ ᠣᠶᠢᠯᠠᠭᠠᠵᠦ᠂ ᠳᠠᠯᠠᠶᠢᠪᠠᠲᠤ ᠴᠢᠬᠤᠯᠠᠴᠢᠯᠠᠭᠰᠠᠨ ᠨᠢ᠂ ᠮᠠᠯᠴᠢᠳ ᠮᠠᠯᠵᠢᠬᠤ ᠦᠢᠯᠡᠳᠪᠦᠷᠢᠯᠡᠯ ᠢ ᠰᠠᠶᠢᠲᠤᠷ ᠠᠳᠬᠤᠬᠤ ᠶᠢᠨ ᠬᠠᠮᠲᠤ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠥᠬᠦ ᠬᠦᠴᠦᠨ ᠢᠶᠠᠷ ᠢᠶᠠᠨ ᠬᠠᠮᠵᠢᠯᠴᠠᠬᠤ ᠭᠡᠷᠡᠭᠳᠡᠢ᠃ ᠬᠤᠯᠪᠣᠭᠳᠠᠯ ᠪᠦᠭᠦᠢ ᠰᠠᠯᠠᠭ᠎ᠠ ᠮᠥᠴᠢᠷ ᠲᠤᠰᠬᠠᠶ ᠠᠵᠢᠯ ᠤᠨ ᠬᠠᠷᠠᠭᠠᠰᠤ ᠠᠴᠠ ᠮᠠᠯᠵᠢᠬᠤ ᠡᠷᠦᠬᠡ ᠳᠤ ᠲᠥᠯ ᠲᠤᠰᠴᠤ ᠪᠤᠶᠢᠵᠢᠭᠤᠯᠬᠤ᠂ ᠮᠠᠯ ᠤᠨ ᠬᠢᠵᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠦᠢᠯᠡᠴᠢᠯᠡᠭᠡ ᠬᠠᠩᠭᠠᠵᠤ᠂ ᠮᠠᠯᠴᠢᠨ ᠲᠦᠮᠡᠨ ᠤ ᠪᠤᠳᠠᠳᠦ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠨ᠂ ᠲᠥᠯ ᠲᠤᠰᠴᠤ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠥᠯ ᠲᠤᠰᠴᠤ ᠪᠤᠶᠢᠵᠢᠭᠤᠯᠬᠤ ᠬᠤᠶᠠᠷ ᠲᠠᠯ᠎ᠠ ᠶᠢ ᠠᠳᠬᠤᠬᠤ᠂ ᠬᠤᠶᠠᠷ ᠢ ᠦᠯᠦ ᠰᠠᠭᠠᠲᠠᠭᠠᠬᠤ᠂ ᠬᠤᠶᠠᠷ ᠢ ᠲᠦᠯᠬᠢᠨ ᠠᠬᠢᠭᠤᠯᠬᠤ ᠶᠢ ᠪᠠᠳᠤᠯᠠᠬᠤ ᠭᠡᠷᠡᠭᠳᠡᠢ ᠬᠡᠵᠡᠢ᠃
               ᠤᠷᠴᠢᠭᠤᠯᠤᠭᠴᠢ᠄ ᠣᠳᠣᠨᠬᠡᠷᠡᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号