ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠶᠢ ᠭᠡᠷᠡᠭᠵᠢᠬᠦᠯᠬᠦ ᠠᠷᠭ᠎ᠠ ᠶᠢ ᠲᠤᠤᠱᠯᠠᠭᠤᠯᠤᠨ ᠭᠡᠷᠡᠭᠵᠢᠬᠦᠯᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/3/21
ᠪᠠᠶᠢᠭᠤᠯᠭ᠎ᠠ ᠶᠢᠨ ᠡᠯ᠎ᠡ ᠰᠠᠯᠠᠭ᠎ᠠ ᠳᠠᠰᠤᠭ ᠲᠤ᠄        ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠲᠦᠷᠢᠮ︾ ︵ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ  ᠶᠢᠨ ᠵᠠᠷᠯᠢᠭ 514 ᠳ᠋ᠤᠭᠡᠷ ᠲᠤᠭᠠᠳᠦ︶ ᠪᠠ ︽ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠭᠡᠷᠡᠭᠵᠢᠬᠦᠯᠬᠦ ᠠᠷᠭ᠎ᠠ︾ ︵ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠠᠵᠢᠯᠳᠠᠨ ᠤ ᠶᠠᠪᠤᠳᠠᠯ ᠤᠨ ᠶᠠᠮᠤᠨ ᠤ ᠵᠠᠷᠯᠢᠭ 9 ᠳ᠋ᠤᠭᠡᠷ ᠲᠤᠭᠠᠳᠦ︶ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠳ ᠤᠨ ᠴᠠᠯᠢᠩ  ᠢᠶᠠᠨ ᠠᠪᠴᠦ ᠵᠢᠯ ᠤᠨ ᠠᠮᠠᠷᠠᠯᠳᠠ ᠠᠪᠬᠤ ᠡᠷᠭᠡ ᠠᠰᠢᠭ ᠢ ᠦᠨᠡᠨᠬᠦ ᠪᠠᠳᠤᠯᠠᠬᠤ ᠶᠢᠨ ᠲᠦᠯᠦᠭᠡ᠂ ᠡᠳᠦᠭᠡ ᠬᠠᠮᠢᠶ᠎ᠠ ᠪᠦᠬᠦᠢ ᠭᠡᠷᠡᠭ ᠶᠠᠪᠤᠳᠠᠯ ᠢ ᠲᠤᠤᠷ᠎ᠠ ᠮᠡᠳᠡᠭᠳᠡᠶ᠎ᠡ᠂ ᠡᠯ᠎ᠡ ᠰᠠᠯᠠᠭ᠎ᠠ ᠲᠠᠰᠤᠭ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠳᠤᠭᠠᠢ᠃        ᠨᠢᠭᠡ᠂ ᠵᠢᠯ ᠤᠨ ᠠᠮᠠᠷᠠᠯᠳᠠ ᠠᠪᠬᠤ ᠲᠦᠯᠦᠪᠯᠡᠭᠡ ᠲᠤᠭᠳᠠᠭᠠᠬᠤ        ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠶᠢ ᠭᠡᠷᠡᠭᠵᠢᠬᠦᠯᠬᠦ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠷᠠᠳ ᠤᠨ ᠠᠮᠢᠳᠤᠷᠠᠯ ᠢ ᠬᠠᠯᠠᠮᠵᠢᠯᠠᠵᠦ᠂ ᠠᠷᠠᠳ  ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠨᠢᠭᠡᠨ ᠠᠷᠭ᠎ᠠ ᠬᠡᠮᠵᠢᠶ᠎ᠡ ᠪᠤᠯᠤᠨ᠎ᠠ᠃ ᠡᠯ᠎ᠡ ᠰᠠᠯᠠᠭ᠎ᠠ ᠲᠠᠰᠤᠭ ᠠᠴᠠ ᠦᠨᠡᠨᠬᠦ ᠳᠠᠨᠢᠯᠳᠠ ᠪᠠᠨ ᠲᠡᠭᠡᠭᠰᠢᠯᠡᠬᠦᠯᠵᠦ᠂ ᠦᠵᠡᠯ ᠰᠠᠨᠠᠭ᠎ᠠ ᠪᠠᠨ ᠨᠢᠭᠡᠳᠦᠯᠳᠡᠢ ᠪᠤᠯᠭᠠᠨ᠂ ᠠᠵᠢᠯᠳᠠᠳ ᠤᠨ ᠴᠠᠯᠢᠩ  ᠢᠶᠠᠨ ᠠᠪᠴᠦ ᠵᠢᠯ ᠤᠨ ᠠᠮᠠᠷᠠᠯᠳᠠ ᠠᠪᠬᠤ ᠬᠠᠮᠢᠶ᠎ᠠ ᠪᠦᠬᠦᠢ ᠲᠤᠭᠳᠠᠭᠠᠯ ᠢ ᠬᠠᠤᠯᠢ ᠶᠤᠰᠤᠭᠠᠷ ᠨᠠᠶᠢᠳᠠᠪᠦᠷᠢᠵᠢᠭᠤᠯᠵᠦ ᠂ ᠨᠢᠭᠡᠳᠦᠯᠳᠡᠢ ᠲᠦᠯᠦᠪᠵᠢᠬᠦᠯᠦᠨ ᠲᠤᠬᠢᠷᠠᠭᠤᠯᠵᠦ᠂ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠲᠦᠷᠢᠮ ᠢ ᠰᠠᠶᠢᠳᠦᠷ ᠵᠤᠬᠢᠶᠠᠨ ᠪᠠᠶᠢᠭᠤᠯᠤᠨ ᠭᠡᠷᠡᠭᠵᠢᠬᠦᠯᠬᠦ ᠭᠡᠷᠡᠭᠳᠡᠢ᠃ ᠡᠯ᠎ᠡ ᠰᠠᠯᠠᠭ᠎ᠠ ᠲᠠᠰᠤᠭ ᠠᠴᠠ ᠠᠵᠢᠯ ᠤᠨ ᠪᠤᠳᠠᠳᠦ ᠪᠠᠶᠢᠳᠠᠯ ᠢᠶᠠᠨ ᠦᠨᠳᠦᠰᠦᠯᠡᠵᠦ᠂ ᠠᠵᠢᠯ ᠤᠨ ᠬᠡᠪ ᠤᠨ ᠶᠤᠰᠤᠭᠠᠷ ᠡᠷᠬᠢᠯᠳᠦᠬᠦ ᠶᠢ ᠪᠠᠳᠤᠯᠠᠭᠰᠠᠨ ᠤᠷᠢᠳᠠᠯ ᠲᠤᠤᠷ᠎ᠠ᠂ ᠠᠵᠢᠯᠳᠠᠳ ᠤᠨ ᠬᠤᠪᠢ ᠬᠦᠮᠦᠨ ᠤ ᠬᠦᠰᠡᠯ ᠰᠠᠨᠠᠯ ᠢ ᠪᠤᠳᠤᠯᠬᠢᠯᠠᠵᠦ᠂ ᠠᠵᠢᠯᠳᠠᠳ ᠤᠨ ᠵᠢᠯ ᠤᠨ ᠠᠮᠠᠷᠠᠯᠳᠠ ᠠᠪᠬᠤ ᠠᠵᠢᠯ ᠢ ᠨᠢᠭᠡᠳᠦᠯᠳᠡᠢ ᠲᠦᠯᠦᠪᠵᠢᠬᠦᠯᠦᠨ ᠲᠤᠬᠢᠷᠠᠭᠤᠯᠬᠤ ᠭᠡᠷᠡᠭᠳᠡᠢ᠃ ᠡᠯ᠎ᠡ ᠰᠠᠯᠠᠭ᠎ᠠ ᠲᠠᠰᠤᠭ ᠠᠴᠠ ᠵᠢᠯ ᠪᠦᠷᠢ ᠶᠢᠨ ᠡᠬᠢᠨ ᠳᠤ ᠠᠵᠢᠯᠳᠠᠳ ᠤᠨ ᠵᠢᠯ ᠤᠨ ᠠᠮᠠᠷᠠᠯᠳᠠ ᠶᠢᠨ ᠲᠦᠯᠦᠪᠯᠡᠭᠡ ᠲᠤᠭᠳᠠᠭᠠᠵᠦ᠂ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠠᠴᠠ ᠬᠢᠨᠠᠨ ᠲᠤᠭᠳᠠᠭᠠᠬᠤ ᠶᠢᠨ ᠬᠠᠮᠳᠦ ᠡᠷᠬᠢᠯᠡᠭᠴᠢ ᠶᠢᠨ ᠠᠯᠪᠠᠨ ᠤ ᠬᠤᠷᠠᠯ ᠳᠤ ᠲᠡᠪᠰᠢᠬᠦᠯᠦᠨ ᠶᠠᠷᠢᠯᠴᠠᠨ  ᠲᠤᠭᠳᠠᠭᠠᠭᠰᠠᠨ ᠤ ᠲᠠᠷᠠᠭ᠎ᠠ ᠭᠡᠷᠡᠭᠵᠢᠬᠦᠯᠦᠨ᠎ᠡ᠃ ᠵᠢᠯ ᠤᠨ ᠠᠮᠠᠷᠠᠯᠳᠠ ᠠᠪᠬᠤ ᠠᠵᠢᠯ ᠢ ᠨᠢᠭᠡ ᠵᠢᠯ ᠤᠨ ᠳᠤᠳᠤᠷ᠎ᠠ ᠨᠢᠭᠡᠳᠦᠯᠳᠡᠢ ᠲᠤᠬᠢᠷᠠᠭᠤᠯᠵᠦ᠂ ᠪᠠᠰᠠ ᠱᠠᠳᠦ ᠬᠤᠪᠢᠶᠠᠨ ᠲᠤᠬᠢᠷᠠᠭᠤᠯᠵᠦ ᠪᠤᠯᠤᠨ᠎ᠠ᠂ ᠶᠡᠷᠦ  ᠳᠡᠭᠡᠨ ᠵᠢᠯ ᠠᠯᠤᠰᠯᠠᠳᠠᠭ ᠦᠬᠡᠢ᠃ ᠡᠯ᠎ᠡ ᠰᠠᠯᠠᠭ᠎ᠠ ᠲᠠᠰᠤᠭ ᠠᠴᠠ ᠲᠤᠰ ᠰᠠᠯᠠᠭ᠎ᠠ ᠲᠠᠰᠤᠭ ᠤᠨ ᠵᠢᠯ ᠤᠨ ᠠᠮᠠᠷᠠᠯᠳᠠ  ᠶᠢᠨ ᠲᠦᠯᠦᠪᠯᠡᠭᠡ ᠶᠢ ᠴᠠᠭ ᠲᠤᠬᠠᠢ ᠳᠤᠨᠢ ᠨᠠᠷᠢᠨ ᠪᠢᠴᠢᠭᠡᠴᠢ ᠶᠢᠨ ᠠᠯᠪᠠᠨ ᠭᠡᠷ ᠲᠤ ᠮᠡᠳᠡᠬᠦᠯᠦᠨ ᠬᠦᠷᠭᠡᠵᠦ᠂ ᠪᠦᠷᠢᠳᠭᠡᠭᠰᠡᠨ ᠤ ᠲᠠᠷᠠᠭ᠎ᠠ ᠬᠤᠶᠠᠳᠤᠭᠠᠷ ᠠᠰᠠᠷ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠭᠠᠵᠠᠷ ᠲᠤ ᠨᠡᠶᠢᠳᠡᠯᠡᠨ᠎ᠡ ︵ᠨᠡᠶᠢᠳᠡᠯᠡᠬᠦ ᠬᠤᠭᠤᠴᠠᠭ᠎ᠠ ᠨᠢ 5 ᠡᠳᠦᠷ︶᠃       ᠬᠤᠶᠠᠷ᠂ ᠠᠩᠬᠠᠷᠬᠤ ᠵᠦᠢᠯ       ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠳ ︵ᠲᠤᠤᠷ᠎ᠠ ︽ᠠᠵᠢᠯᠳᠠᠳ︾ ᠭᠡᠵᠦ ᠲᠦᠬᠦᠮᠴᠢᠯᠡᠶ᠎ᠡ︶ ᠦᠷᠬᠦᠯᠵᠢᠯᠡᠨ ᠠᠵᠢᠯᠯᠠᠭᠠᠳ 1 ᠵᠢᠯ ᠠᠴᠠ ᠲᠡᠭᠡᠭᠰᠢ ᠪᠤᠯᠤᠭᠰᠠᠨ ᠪᠤᠯ᠂ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠴᠦ ᠪᠤᠯᠤᠨ᠎ᠠ ︵ᠲᠤᠤᠷ᠎ᠠ ︽ᠵᠢᠯ ᠤᠨ ᠠᠮᠠᠷᠠᠯᠳᠠ︾ ᠭᠡᠵᠦ ᠲᠦᠬᠦᠮᠴᠢᠯᠡᠶ᠎ᠡ︶᠃       ︵ᠨᠢᠭᠡ︶ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠬᠤᠭᠤᠴᠠᠭ᠎ᠠ ᠨᠢ ︽ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠲᠦᠷᠢᠮ︾ ᠢ ᠦᠨᠳᠦᠰᠦᠯᠡᠨ ᠭᠡᠷᠡᠭᠵᠢᠬᠦᠯᠵᠦ᠂ ᠠᠵᠢᠯᠳᠠᠳ ᠵᠢᠯ  ᠤᠨ ᠠᠮᠠᠷᠠᠯᠳᠠ ᠠᠪᠬᠤ ᠬᠤᠭᠤᠴᠠᠭᠠᠨ ᠳᠠᠭᠠᠨ ᠬᠡᠪ ᠤᠨ ᠠᠵᠢᠯᠯᠠᠬᠤ ᠬᠤᠭᠤᠴᠠᠭᠠᠨ ᠤ ᠪᠠᠨ ᠴᠠᠯᠢᠩ ᠤᠷᠤᠯᠭ᠎ᠠ ᠶᠢ ᠤᠯᠤᠨ᠎ᠠ᠃ ᠨᠡᠶᠢᠳᠡ ᠪᠦᠬᠦᠯᠢ 1 ᠵᠢᠯ ᠠᠵᠢᠯᠯᠠᠵᠦ 10 ᠵᠢᠯ ᠳᠤ ᠬᠦᠷᠦᠭᠡᠳᠦᠢ ᠪᠤᠯ᠂ ᠵᠢᠯ ᠤᠨ ᠠᠮᠠᠷᠠᠯᠳᠠ ᠶᠢᠨ ᠬᠤᠭᠤᠴᠠᠭ᠎ᠠ ᠨᠢ 5 ᠡᠳᠦᠷ ᠪᠤᠯᠤᠨ᠎ᠠ᠃ ᠪᠦᠬᠦᠯᠢ 10 ᠵᠢᠯ ᠠᠵᠢᠯᠯᠠᠵᠦ 20 ᠵᠢᠯ ᠳᠤ ᠬᠦᠷᠦᠭᠡᠳᠦᠢ ᠪᠤᠯ᠂ ᠵᠢᠯ  ᠤᠨ ᠠᠮᠠᠷᠠᠯᠳᠠ ᠶᠢᠨ ᠬᠤᠭᠤᠴᠠᠭ᠎ᠠ ᠨᠢ 10 ᠡᠳᠦᠷ ᠪᠤᠯᠤᠨ᠎ᠠ᠃ ᠪᠦᠬᠦᠯᠢ 20 ᠵᠢᠯ ᠠᠵᠢᠯᠯᠠᠭᠰᠠᠨ ᠪᠤᠯ᠂ ᠵᠢᠯ ᠤᠨ ᠠᠮᠠᠷᠠᠯᠳᠠ ᠶᠢᠨ ᠬᠤᠭᠤᠴᠠᠭ᠎ᠠ ᠨᠢ 15 ᠡᠳᠦᠷ ᠪᠤᠯᠤᠨ᠎ᠠ᠃ ᠤᠯᠤᠰ ᠤᠨ ᠬᠠᠤᠯᠢ ᠶᠤᠰᠤᠨ ᠤ ᠠᠮᠠᠷᠠᠯᠳᠠ ᠶᠢᠨ ᠡᠳᠦᠷ ᠵᠢᠴᠢ ᠤᠯᠤᠰ ᠠᠴᠠ ᠲᠤᠭᠳᠠᠭᠠᠭᠰᠠᠨ ᠠᠶᠢᠯ ᠭᠡᠷ ᠢᠶᠠᠨ ᠡᠷᠬᠢᠨ ᠦᠵᠡᠬᠦ ᠴᠢᠯᠦᠬᠡ᠂ ᠬᠤᠷᠢᠮ ᠪᠡᠯᠪᠡᠰᠦᠷᠡᠯ  ᠤᠨ ᠴᠢᠯᠦᠭᠡ᠂ ᠬᠦᠩᠭᠡᠵᠢᠬᠦ ᠴᠢᠯᠦᠭᠡ ᠵᠡᠷᠭᠡ ᠠᠮᠠᠷᠠᠯᠳᠠ ᠶᠢᠨ ᠬᠤᠭᠤᠴᠠᠭ᠎ᠠ ᠶᠢ ᠵᠢᠯ ᠤᠨ ᠠᠮᠠᠷᠠᠯᠳᠠ ᠶᠢᠨ ᠬᠤᠭᠤᠴᠠᠭ᠎ᠠ ᠳᠤ ᠪᠤᠳᠤᠬᠤ ᠦᠬᠡᠢ᠃         ︵ᠬᠤᠶᠠᠷ︶ ᠠᠵᠢᠯᠳᠠᠳ ᠲᠤ ᠲᠤᠤᠷᠠᠬᠢ ᠮᠡᠳᠦ ᠨᠢᠭᠡ ᠵᠦᠢᠯ ᠤᠨ ᠦᠵᠡᠭᠳᠡᠯ ᠪᠠᠶᠢᠪᠠᠯ᠂ ᠲᠤᠬᠠᠢ ᠶᠢᠨ ᠵᠢᠯ ᠤᠨ ᠵᠢᠯ ᠤᠨ ᠠᠮᠠᠷᠠᠯᠳᠠ ᠶᠢ ᠨᠢ ᠦᠬᠡᠶᠢᠰᠭᠡᠨ᠎ᠡ᠄        1. ᠭᠤᠶᠤᠴᠢᠯᠠᠭᠰᠠᠨ ᠠᠵᠢᠯ ᠤᠨ ᠴᠢᠯᠦᠭᠡ ᠨᠢ ᠨᠡᠶᠢᠯᠡᠭᠡᠳ 20 ᠡᠳᠦᠷ ᠠᠴᠠ ᠲᠡᠭᠡᠭᠰᠢ ᠪᠤᠯᠤᠭᠰᠠᠨ ᠮᠦᠷᠲᠡᠭᠡᠨ ᠲᠤᠭᠳᠠᠭᠠᠯ ᠶᠤᠰᠤᠭᠠᠷ ᠴᠠᠯᠢᠩ ᠢ ᠨᠢ ᠬᠠᠰᠤᠭᠰᠠᠨ ᠦᠬᠡᠢ ᠠᠵᠢᠯᠳᠠᠨ᠃       2. ᠠᠵᠢᠯᠯᠠᠭᠰᠠᠨ ᠴᠠᠭ ᠨᠢ ᠨᠡᠶᠢᠯᠡᠭᠡᠳ ᠪᠦᠬᠦᠯᠢ 1 ᠵᠢᠯ ᠪᠤᠯᠵᠦ 10 ᠵᠢᠯ ᠳᠤ ᠲᠤᠯᠤᠭᠠᠳᠤᠢ ᠠᠵᠢᠯᠳᠠᠨ᠂ ᠭᠤᠶᠤᠴᠢᠯᠠᠭᠰᠠᠨ ᠡᠪᠡᠳᠴᠢᠨ ᠤ ᠴᠢᠯᠦᠭᠡ ᠨᠢ ᠨᠡᠶᠢᠯᠡᠭᠡᠳ 2 ᠰᠠᠷ᠎ᠠ ᠠᠴᠠ ᠲᠡᠭᠡᠭᠰᠢ ᠪᠤᠯᠤᠭᠰᠠᠨ᠃        3. ᠠᠵᠢᠯᠯᠠᠭᠰᠠᠨ ᠴᠠᠭ ᠨᠢ ᠨᠡᠶᠢᠯᠡᠭᠡᠳ ᠪᠦᠬᠦᠯᠢ 10 ᠵᠢᠯ ᠪᠤᠯᠵᠦ 20 ᠵᠢᠯ ᠳᠤ ᠲᠤᠯᠤᠭᠠᠳᠤᠢ ᠠᠵᠢᠯᠳᠠᠨ᠂ ᠭᠤᠶᠤᠴᠢᠯᠠᠭᠰᠠᠨ ᠡᠪᠡᠳᠴᠢᠨ ᠤ ᠴᠢᠯᠦᠭᠡ ᠨᠢ ᠨᠡᠶᠢᠯᠡᠭᠡᠳ 3 ᠰᠠᠷ᠎ᠠ ᠠᠴᠠ ᠲᠡᠭᠡᠭᠰᠢ ᠪᠤᠯᠤᠭᠰᠠᠨ᠃        4. ᠠᠵᠢᠯᠯᠠᠭᠰᠠᠨ ᠴᠠᠭ ᠨᠢ ᠨᠡᠶᠢᠯᠡᠭᠡᠳ 20 ᠵᠢᠯ ᠠᠴᠠ ᠲᠡᠭᠡᠭᠰᠢ ᠪᠠᠶᠢᠬᠤ ᠠᠵᠢᠯᠳᠠᠨ᠂ ᠭᠤᠶᠤᠴᠢᠯᠠᠭᠰᠠᠨ ᠡᠪᠡᠳᠴᠢᠨ ᠤ ᠴᠢᠯᠦᠭᠡ ᠨᠢ ᠨᠡᠶᠢᠯᠡᠭᠡᠳ 4 ᠰᠠᠷ᠎ᠠ ᠠᠴᠠ ᠲᠡᠭᠡᠭᠰᠢ ᠪᠤᠯᠤᠭᠰᠠᠨ᠃        5. ᠨᠢᠭᠡᠨᠳᠡ ᠲᠤᠬᠠᠢ ᠶᠢᠨ ᠵᠢᠯ ᠤᠨ ᠵᠢᠯ ᠤᠨ ᠠᠮᠠᠷᠠᠯᠳᠠ ᠪᠠᠨ ᠠᠪᠤᠭᠰᠠᠨ ᠪᠦᠭᠡᠳ ᠨᠢᠭᠡ ᠵᠢᠯ ᠤᠨ ᠳᠤᠳᠤᠷ᠎ᠠ ᠪᠠᠰᠠ ᠲᠡᠭᠡᠷᠡᠬᠢ 1 — 4 ᠳ᠋ᠤᠭᠡᠷ ᠵᠦᠢᠯ ᠤᠨ ᠲᠤᠭᠳᠠᠭᠠᠯ ᠤᠨ ᠨᠢᠭᠡ ᠵᠦᠢᠯ ᠪᠠᠶᠢᠪᠠᠯ᠂ ᠳᠠᠷᠠᠭ᠎ᠠ ᠨᠢᠭᠡ ᠵᠢᠯ ᠤᠨ ᠵᠢᠯ ᠤᠨ ᠠᠮᠠᠷᠠᠯᠳᠠ ᠶᠢ ᠨᠢ ᠦᠬᠡᠶᠢᠰᠭᠡᠨ᠎ᠡ᠃        ︵ᠭᠤᠷᠪᠠ︶ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠠᠴᠠ ᠵᠢᠯ ᠤᠨ ᠠᠮᠠᠷᠠᠯᠳᠠ ᠪᠠᠨ ᠨᠢᠭᠡᠨᠳᠡ ᠲᠤᠬᠢᠷᠠᠭᠤᠯᠤᠭᠰᠠᠨ ᠴᠦ᠂ ᠠᠵᠢᠯᠳᠠᠳ ᠨᠢ ᠠᠮᠠᠷᠠᠭᠰᠠᠨ ᠦᠬᠡᠢ ᠮᠦᠷᠲᠡᠭᠡᠨ ᠲᠤᠤᠷᠠᠬᠢ ᠨᠢᠭᠡ ᠵᠦᠢᠯ ᠤᠨ ᠪᠠᠶᠢᠳᠠᠯ ᠤᠷᠤᠰᠢᠪᠠᠯ᠂ ᠵᠦᠪᠬᠡᠨ ᠭᠡᠪ ᠤᠨ ᠠᠵᠢᠯ ᠤᠨ ᠬᠤᠭᠤᠴᠠᠭᠠᠨ ᠳᠠᠬᠢ ᠴᠠᠯᠢᠩ ᠤᠷᠤᠯᠭ᠎ᠠ ᠪᠠᠨ ᠯᠠ ᠤᠯᠤᠨ᠎ᠠ᠄        1. ᠬᠤᠪᠢ ᠬᠦᠮᠦᠨ ᠤ ᠰᠢᠯᠳᠠᠭᠠᠨ ᠠᠴᠠ ᠪᠤᠯᠵᠦ᠂ ᠵᠢᠯ ᠤᠨ ᠠᠮᠠᠷᠠᠯᠳᠠ ᠪᠠᠨ ᠠᠪᠤᠭᠰᠠᠨ ᠦᠬᠡᠢ᠃        2. ᠭᠤᠶᠤᠴᠢᠯᠠᠭᠰᠠᠨ ᠭᠡᠷᠡᠭ ᠶᠠᠪᠤᠳᠠᠯ ᠤᠨ ᠴᠢᠯᠦᠭᠡ ᠨᠢ ᠨᠡᠶᠢᠯᠡᠭᠡᠳ ᠨᠢᠭᠡᠨᠳᠡ ᠲᠤᠰ ᠬᠦᠮᠦᠨ ᠤ ᠵᠢᠯ  ᠤᠨ ᠠᠮᠠᠷᠠᠯᠳᠠ ᠶᠢᠨ ᠡᠳᠦᠷ ᠴᠠᠭ ᠠᠴᠠ ᠨᠢ ᠭᠡᠳᠦᠷᠡᠭᠰᠡᠨ᠂ ᠭᠡᠪᠡᠴᠦ 20 ᠡᠳᠦᠷ ᠲᠤ ᠲᠤᠯᠤᠭᠠᠳᠤᠢ᠃        ᠭᠤᠷᠪᠠ᠂ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ        ︵ᠨᠢᠭᠡ︶ ᠡᠯ᠎ᠡ ᠰᠠᠯᠠᠭ᠎ᠠ ᠲᠠᠰᠤᠭ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠲᠦᠷᠢᠮ︾᠂ ᠤᠯᠤᠰ ᠤᠨ ᠠᠵᠢᠯᠳᠠᠨ ᠤ ᠶᠠᠪᠤᠳᠠᠯ ᠤᠨ ᠶᠠᠮᠤᠨ  ᠤ ︽ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠶᠢ ᠭᠡᠷᠡᠭᠵᠢᠬᠦᠯᠬᠦ ᠠᠷᠭ᠎ᠠ︾ ᠪᠤᠯᠤᠨ ︽︿ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠶᠢ ᠭᠡᠷᠡᠭᠵᠢᠬᠦᠯᠬᠦ ᠠᠷᠭ᠎ᠠ﹀ ᠶᠢ ᠭᠡᠷᠡᠭᠵᠢᠬᠦᠯᠬᠦ ᠲᠤᠬᠠᠢ ᠮᠡᠳᠡᠭᠳᠡᠯ ︾ ︵ᠰᠢᠨ᠎ᠡ ᠪᠠᠷᠠᠭᠤᠨ ᠨᠠᠮ ᠠᠯᠪᠠᠨ ᠲᠠᠷᠬᠠᠭᠠᠭᠰᠠᠨ ﹇2020﹈ 9 ᠳ᠋ᠤᠭᠡᠷ ᠲᠤᠭᠠᠳᠦ︶ ᠤᠨ ᠬᠠᠮᠢᠶ᠎ᠠ ᠪᠦᠬᠦᠢ ᠲᠤᠭᠳᠠᠭᠠᠯ ᠢ ᠴᠢᠩᠭ᠎ᠠ ᠦᠨᠳᠦᠰᠦᠯᠡᠵᠦ᠂ ᠠᠵᠢᠯᠳᠠᠳ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠲᠦᠷᠢᠮ ᠢ ᠭᠡᠷᠡᠭᠵᠢᠬᠦᠯᠬᠦ ᠭᠡᠷᠡᠭᠳᠡᠢ᠃         ︵ᠬᠤᠶᠠᠷ︶ ᠵᠢᠯ ᠤᠨ ᠠᠮᠠᠷᠠᠯᠳᠠ ᠠᠪᠬᠤ ᠪᠠᠷ ᠲᠤᠭᠳᠠᠭᠰᠠᠨ ᠠᠵᠢᠯᠳᠠᠳ ᠠᠮᠠᠷᠠᠯᠳᠠ ᠶᠢᠨ ᠬᠤᠭᠤᠴᠠᠭᠠᠨ  ᠳᠠᠬᠢ ᠠᠵᠢᠯ ᠤᠨ ᠡᠬᠡᠯᠵᠢ ᠤᠷᠤᠯᠠᠬᠤ ᠬᠦᠮᠦᠨ ᠢ ᠠᠳᠠᠯᠢ ᠠᠵᠢᠯ ᠲᠦᠷᠦᠯ ᠤᠨ ᠬᠤᠭᠤᠷᠤᠨᠳᠦ ᠪᠠᠨ ᠦᠪᠡᠰᠦᠪᠡᠨ ᠲᠤᠬᠢᠷᠠᠭᠤᠯᠵᠦ᠂ ︽A᠂ B ᠦᠨᠴᠦᠭᠳᠦ︾ ᠠᠵᠢᠯ ᠤᠨ ᠲᠦᠷᠢᠮ ᠢ ᠪᠦᠷᠢᠯᠳᠦᠬᠦᠯᠬᠦ ᠭᠡᠷᠡᠭᠳᠡᠢ᠃         ︵ᠭᠤᠷᠪᠠ︶ ᠶᠠᠮᠠᠷᠴᠦ ᠰᠢᠯᠳᠠᠭᠠᠨ ᠦᠬᠡᠢ ᠪᠠᠷ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠲᠦᠷᠢᠮ ᠢ ᠭᠡᠷᠡᠭᠵᠢᠬᠦᠯᠦᠭᠰᠡᠨ ᠦᠬᠡᠢ ᠠᠵᠢᠯᠳᠠᠳ ᠠᠴᠠ ᠵᠦᠪᠬᠡᠨ ᠬᠡᠪ ᠤᠨ ᠠᠵᠢᠯᠯᠠᠬᠤ ᠬᠤᠭᠤᠴᠠᠭᠠᠨ ᠳᠠᠬᠢ ᠴᠠᠯᠢᠩ ᠤᠷᠤᠯᠭ᠎ᠠ ᠪᠠᠨ ᠤᠯᠤᠨ᠎ᠠ᠃ ᠭᠡᠷᠪᠡ ᠦᠨᠡᠨᠬᠦ ᠠᠵᠢᠯ ᠤᠨ ᠰᠢᠯᠳᠠᠭᠠᠨ ᠠᠴᠠ ᠪᠤᠯᠵᠦ᠂ ᠤᠤᠯ ᠤᠨ ᠲᠦᠯᠦᠪᠯᠡᠭᠡ ᠶᠤᠰᠤᠭᠠᠷ ᠠᠮᠠᠷᠠᠵᠦ ᠴᠢᠳᠠᠭᠰᠠᠨ ᠦᠬᠡᠢ ᠪᠤᠯ᠂ ᠵᠢᠯ ᠤᠨ ᠠᠮᠠᠷᠠᠯᠳᠠ ᠶᠢᠨ ᠲᠦᠯᠦᠪᠯᠡᠭᠡ ᠪᠠᠨ ᠲᠤᠰ ᠵᠢᠯ ᠤᠨ ᠳᠤᠳᠤᠷ᠎ᠠ ᠳᠠᠬᠢᠨ ᠲᠤᠬᠢᠷᠠᠭᠤᠯᠤᠨ᠎ᠠ᠂ ᠭᠡᠪᠡᠴᠦ ᠠᠮᠠᠷᠠᠯᠳᠠ ᠠᠪᠬᠤ ᠠᠵᠢᠯᠳᠠᠳ ᠨᠢ ᠭᠡᠳᠦ ᠲᠦᠪᠯᠡᠷᠡᠩᠬᠦᠢ ᠪᠠᠶᠢᠵᠦ ᠪᠤᠯᠬᠤ ᠦᠬᠡᠢ᠃ ᠡᠯ᠎ᠡ ᠰᠠᠯᠠᠭ᠎ᠠ ᠲᠠᠰᠤᠭ ᠠᠴᠠ ᠵᠢᠯ ᠪᠦᠷᠢ ᠶᠢᠨ 12 ᠰᠠᠷᠠᠶᠢᠨ 30 ᠤ ᠡᠳᠦᠷ ᠠᠴᠠ ᠡᠮᠦᠨ᠎ᠡ ᠲᠠᠷᠠᠭ᠎ᠠ ᠨᠢᠭᠡ ᠵᠢᠯ ᠤᠨ ᠴᠠᠯᠢᠩ ᠢᠶᠠᠨ ᠠᠪᠴᠦ ᠵᠢᠯ ᠤᠨ ᠠᠮᠠᠷᠠᠯᠳᠠ ᠠᠪᠬᠤ ᠲᠦᠯᠦᠪᠯᠡᠭᠡ ᠪᠠᠨ ᠲᠡᠭᠡᠭᠰᠢ ᠮᠡᠳᠡᠬᠦᠯᠬᠦ ᠶᠢᠨ ᠬᠠᠮᠳᠦ᠂ ᠲᠤᠰᠪᠦᠷᠢ ᠶᠢᠨ ᠡᠬᠡᠯᠵᠢ ᠤᠷᠤᠯᠠᠭᠴᠢ ᠪᠠᠨ ᠪᠠᠰᠠ ᠮᠡᠳᠡᠬᠦᠯᠵᠦ᠂ ᠴᠠᠭ ᠠᠴᠠ ᠪᠠᠨ ᠭᠡᠳᠦᠷᠡᠭᠡᠳ ᠪᠠᠰᠠ ᠮᠡᠳᠡᠬᠦᠯᠦᠭᠡᠳᠦᠢ ᠶᠢ ᠨᠢ ᠵᠢᠯ ᠤᠨ ᠠᠮᠠᠷᠠᠯᠳᠠ ᠶᠢᠨ ᠲᠦᠯᠦᠪᠯᠡᠭᠡ ᠦᠬᠡᠢ   ᠳᠤ ᠲᠤᠭᠠᠴᠠᠭᠳᠠᠨ᠎ᠠ᠃ ᠡᠨᠡ ᠵᠢᠯ ᠤᠨ ᠵᠢᠯ ᠤᠨ ᠠᠮᠠᠷᠠᠯᠳᠠ ᠶᠢᠨ ᠲᠦᠯᠦᠪᠯᠡᠭᠡ ᠶᠢ 5 ᠰᠠᠷᠠᠶᠢᠨ 8 ᠤ ᠡᠳᠦᠷ ᠠᠴᠠ ᠡᠮᠦᠨ᠎ᠡ ᠨᠠᠷᠢᠨ ᠪᠢᠴᠢᠭᠡᠴᠢ ᠶᠢᠨ ᠠᠯᠪᠠᠨ ᠭᠡᠷ ᠲᠤ ᠮᠡᠳᠡᠬᠦᠯᠬᠦ ᠭᠡᠷᠡᠭᠳᠡᠢ᠃                          2020 ᠤᠨ ᠤ 3 ᠰᠠᠷᠠᠶᠢᠨ 16 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号