ᠬᠦᠯᠦᠨ ᠪᠤᠶᠢᠷ ᠤᠨ ᠦᠢᠯᠡᠰ ᠪᠤᠰᠬᠠᠬᠤ ᠬᠦᠷᠢᠶᠠᠯᠠᠩ ᠨᠦᠬᠦᠴᠡᠯ ᠳᠤ ᠨᠡᠶᠢᠴᠡᠭᠰᠡᠨ ᠦᠢᠯᠡᠰ ᠪᠤᠰᠬᠠᠭᠴᠢ ᠶᠢ ᠰᠦᠢᠳᠬᠡᠯ ᠬᠤᠷᠢᠶᠠᠬᠤ ᠦᠭᠡᠢ ᠪᠠᠷ ᠡᠯᠰᠡᠨ ᠰᠠᠭᠤᠷᠢᠰᠢᠭᠤᠯᠵᠤ ᠪᠤᠢ
ᠨᠡᠶᠢᠲᠡᠯᠡᠭᠰᠡᠨ ᠴᠠᠭ᠄
2020/3/30
       ᠮᠠᠨ ᠤ ᠬᠤᠳᠠ ᠶᠢᠨ ᠪᠠᠭ᠎ᠠ ᠵᠢᠵᠢᠭ ᠠᠵᠤ ᠠᠬᠤᠶᠢᠯᠠᠯ ᠤᠨ ᠬᠦᠭᠵᠢᠯᠳᠡ ᠶᠢ ᠪᠦᠳᠦᠮᠵᠢᠳᠠᠢ ᠳᠠᠶᠢᠴᠢᠯᠠᠬᠤ ᠶᠢᠨ ᠲᠤᠯᠠᠳᠠ᠂ ᠡᠮᠦᠨᠡᠭᠡᠨ ᠬᠦᠯᠦᠨ ᠪᠤᠶᠢᠷ ᠤᠨ ᠦᠢᠯᠡᠰ ᠪᠤᠰᠬᠠᠬᠤ ᠬᠦᠷᠢᠶᠠᠯᠠᠩ ᠨᠦᠬᠦᠴᠡᠯ ᠳᠤ ᠨᠡᠶᠢᠴᠡᠭᠰᠡᠨ ᠦᠢᠯᠡᠰ ᠪᠤᠰᠬᠠᠭᠴᠢ ᠶᠢ ᠰᠦᠢᠳᠬᠡᠯ ᠬᠤᠷᠢᠶᠠᠬᠤ ᠦᠭᠡᠢ ᠪᠠᠷ ᠡᠯᠰᠡᠨ ᠰᠠᠭᠤᠷᠢᠰᠢᠭᠤᠯᠵᠤ ᠪᠠᠶᠢᠨ᠎ᠠ᠃ ᠬᠦᠯᠦᠨ ᠪᠤᠶᠢᠷ ᠤᠨ ᠦᠢᠯᠡᠰ ᠪᠤᠰᠬᠠᠬᠤ ᠬᠦᠷᠢᠶᠠᠯᠠᠩ ᠨᠢ ᠬᠤᠳᠠ ᠶᠢᠨ ᠪᠠᠶ᠎ᠠ ᠶᠢᠨ ᠳᠠᠮᠢᠷ ᠤᠨ ᠳᠠᠯᠠᠪᠤᠷ ᠢᠶᠠᠷ ᠲᠦᠪ ᠪᠤᠯᠭᠠᠵᠤ᠂ ᠳᠠᠯᠠᠪᠠᠢ ᠨᠢ ᠲᠦᠮᠨ ᠨᠠᠢᠮᠠᠨ ᠮᠢᠩᠭᠠᠨ ᠳᠡᠭᠰᠢ ᠲᠦᠷᠪᠠᠯᠵᠢᠨ ᠮᠢᠲ᠋ᠧᠷ ᠪᠤᠯᠤᠨ᠎ᠠ᠃ 2014 ᠤᠨ ᠤ ᠳᠠᠪᠤᠳᠤᠭᠠᠷ ᠰᠠᠷ᠎ᠠ ᠶᠢᠨ ᠳᠠᠪᠤᠨ ᠳᠤ ᠡᠬᠢᠯᠡᠨ ᠨᠡᠭᠡᠭᠡᠵᠤ᠂ 2014 ᠤᠨ ᠤ ᠶᠢᠰᠦᠳᠦᠭᠡᠷ ᠰᠠᠷ᠎ᠠ ᠳᠤ ᠦᠪᠡᠷᠳᠡᠭᠡᠨ ᠵᠠᠰᠬᠠᠤ ᠤᠷᠤᠨ ᠤ ᠳᠠᠰ ᠤᠨ ᠦᠢᠯᠡᠰ ᠪᠤᠰᠬᠠᠬᠤ ᠵᠢᠱᠢᠶ᠎ᠠ ᠦᠵᠡᠬᠦᠯᠬᠦ ᠬᠦᠷᠢᠶᠠᠯᠠᠩ ᠲᠤᠭᠤᠷᠢᠭ ᠢᠶᠠᠷ ᠦᠨᠡᠯᠡᠭᠳᠡᠵᠤ᠂ 2016 ᠤᠨ ᠤ ᠶᠢᠰᠦᠳᠦᠭᠡᠷ ᠰᠠᠷ᠎ᠠ ᠳᠤ ᠰᠢᠨᠵᠢᠯᠡᠭᠡ ᠮᠡᠷᠭᠡᠵᠢᠯ ᠤᠨ ᠶᠠᠮᠤᠨ ᠠᠴᠠ ᠭᠤᠷᠪᠠᠳᠤᠭᠠᠷ ᠪᠦᠯᠦᠭ ᠤᠯᠤᠰ ᠤᠨ ᠳᠠᠰ ᠤᠨ ᠤᠯᠠᠨ ᠲᠦᠮᠡᠨᠴᠢ ᠦᠢᠯᠡᠰ ᠪᠤᠰᠬᠠᠬᠤ ᠤᠷᠤᠨ ᠵᠡᠢ ᠪᠠᠷ ᠦᠨᠡᠯᠡᠨ ᠲᠤᠭᠳᠠᠭᠠᠭᠳᠠᠵᠤ᠂ ᠤᠳᠤ ᠵᠠᠭᠤ ᠠᠷᠪᠠ ᠶᠢᠰᠦᠨ ᠠᠵᠤ ᠠᠬᠤᠶᠢᠯᠠᠯ ᠰᠠᠭᠤᠷᠢᠰᠢᠵᠤ ᠪᠤᠢ᠃ ᠦᠢᠯᠡᠰ ᠪᠤᠰᠬᠠᠬᠤ ᠬᠦᠷᠢᠶᠠᠯᠠᠩ ᠳᠤ ᠤᠷᠤᠵᠤ ᠰᠠᠭᠤᠷᠢᠰᠢᠬᠤ ᠲᠦᠷᠦᠯ ᠵᠦᠢᠯ ᠳᠤ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ᠂ ᠰᠤᠶᠤᠯ ᠤᠨ ᠦᠢᠯᠡᠰ᠂ ᠵᠤᠭᠠᠴᠠᠯ ᠤᠨ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠤ ᠦᠢᠯᠡᠰ᠂ ᠺᠣᠮᠫᠢᠦ᠋ᠲ᠋ᠧᠷ ᠪᠠ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ᠂ ᠳᠠᠷᠢᠶᠠᠯᠠᠩ ᠮᠠᠯ ᠠᠵᠤ ᠠᠬᠤᠢ ᠤᠨ ᠦᠢᠯᠡᠰ ᠤᠨ ᠰᠢᠨᠵᠢᠯᠡᠭᠡ ᠮᠡᠷᠭᠡᠵᠢᠯ ᠤᠨ ᠦᠢᠯᠡᠴᠢᠯᠡᠭᠡ ᠪᠠ ᠰᠤᠳᠤᠯᠤᠨ ᠨᠡᠭᠡᠭᠡᠯᠳᠡ ᠵᠡᠷᠬᠡ ᠶᠢ ᠪᠠᠭᠳᠠᠭᠠᠭᠰᠠᠨ ᠪᠠᠶᠢᠨ᠎ᠠ᠃ ᠦᠢᠯᠡᠰ ᠪᠤᠰᠬᠠᠬᠤ ᠬᠦᠰᠡᠯ ᠲᠠᠢ ᠠᠵᠢᠯ ᠠᠯᠳᠠᠭᠰᠠᠳ᠂ ᠮᠠᠯᠵᠢᠬᠤ ᠳᠠᠷᠢᠶᠠᠯᠠᠬᠤ ᠤᠷᠤᠨ ᠤ ᠰᠢᠯᠵᠢᠬᠦᠯᠦᠨ ᠠᠵᠢᠯ ᠤᠯᠭᠤᠬᠤ ᠬᠦᠳᠡᠯᠮᠦᠷᠢᠴᠢᠳ᠂ ᠴᠡᠷᠢᠭ ᠠᠴᠠ ᠬᠠᠯᠠᠭᠳᠠᠭᠰᠠᠳ᠂ ᠦᠢᠯᠡᠰ ᠪᠤᠰᠬᠠᠬᠤ ᠰᠠᠨᠠᠭ᠎ᠠ ᠲᠠᠢ ᠬᠦᠮᠦᠰ ᠵᠢᠴᠢ ᠳᠠᠳᠤᠯᠭ᠎ᠠ ᠶᠢᠨ ᠬᠤᠭᠤᠴᠭᠠᠠᠨ ᠳᠤ ᠤᠷᠤᠭᠰᠠᠨ ᠤᠶᠦᠳᠠᠳ ᠪᠤᠶᠤ ᠶᠡᠭᠡ ᠳᠡᠭᠡᠳᠤ ᠰᠤᠷᠭᠠᠭᠤᠯᠢ ᠳᠡᠬᠦᠰᠦᠭᠰᠡᠨ ᠤᠶᠤᠳᠠᠳ᠂ ᠠᠵᠢᠯ ᠤᠯᠬᠤ ᠳᠤ ᠬᠦᠴᠢᠷᠳᠡᠵᠤ ᠪᠠᠶᠢᠭ᠎ᠠ ᠬᠦᠮᠦᠰ᠂ ᠠᠮᠢᠳᠤᠷᠠᠯ ᠬᠦᠴᠢᠷᠳᠡᠯ ᠲᠠᠢ ᠬᠦᠳᠡᠯᠮᠦᠷᠢ ᠬᠦᠴᠦᠨ ᠵᠢᠴᠢ ᠨᠦᠬᠦᠴᠡᠯ ᠳᠤ ᠨᠡᠶᠢᠴᠡᠭᠰᠡᠨ ᠦᠢᠯᠡᠰ ᠪᠤᠰᠬᠠᠬᠤ ᠠᠩᠬᠠᠨ ᠤ ᠬᠤᠭᠤᠴᠠᠭᠠᠨ ᠳᠠᠬᠢ ᠠᠵᠤ ᠠᠬᠤᠶᠢᠯᠠᠯ ᠴᠦᠮ ᠦᠢᠯᠡᠰ ᠪᠤᠰᠬᠠᠬᠤ ᠬᠦᠷᠢᠶᠠᠯᠠᠩ ᠳᠤ ᠤᠷᠣᠵᠤ ᠰᠠᠭᠤᠷᠢᠰᠢᠬᠤ ᠶᠢ ᠭᠤᠶᠤᠴᠢᠯᠠᠵᠤ ᠪᠤᠯᠤᠨ᠎ᠠ᠃ ᠬᠦᠯᠦᠨ ᠪᠤᠶᠢᠷ ᠤᠨ ᠦᠢᠯᠡᠰ ᠪᠤᠰᠬᠠᠬᠤ ᠬᠦᠷᠢᠶᠠᠯᠠᠩ ᠳᠤ ᠰᠠᠭᠤᠷᠢᠰᠢᠬᠤ ᠠᠵᠤ ᠠᠬᠤᠶᠢᠯᠠᠯ ᠭᠤᠷᠪᠠᠨ ᠵᠢᠯ ᠤᠨ ᠬᠤᠭᠤᠴᠠᠭ᠎ᠠ ᠲᠠᠢ ᠰᠠᠭᠤᠷᠢᠰᠢᠨ᠂ ᠡᠨᠡ ᠬᠦ ᠬᠤᠭᠤᠴᠠᠭᠠᠨ ᠳᠤ ᠭᠡᠷ ᠤᠨ ᠲᠦᠷᠢᠶᠠᠰᠤ᠂ ᠤᠰᠤ ᠴᠠᠬᠢᠯᠭᠠᠨ᠂ ᠠᠳᠠᠯ ᠠᠬᠤᠢ ᠶᠢᠨ ᠰᠦᠢᠳᠬᠡᠯ ᠵᠡᠷᠭᠡ ᠶᠢ ᠴᠦᠮ ᠬᠡᠯᠳᠦᠷᠢᠬᠦᠯᠦᠨ᠎ᠡ︔ ᠦᠢᠯᠡᠰ ᠪᠤᠰᠬᠠᠬᠤ ᠬᠦᠷᠢᠶᠠᠯᠠᠩ ᠳᠤ ᠰᠠᠭᠤᠷᠢᠰᠢᠬᠤ ᠠᠵᠤ ᠠᠬᠤᠶᠢᠯᠠᠯ ᠳᠤ ᠵᠢᠭᠠᠨ ᠵᠢᠯᠤᠭᠤᠳᠤᠯᠭ᠎ᠠ᠂ ᠶᠠᠷᠢᠯᠴᠠᠭᠠᠨ ᠤ ᠳᠠᠶᠢᠯᠤᠮᠵᠢ᠂ ᠡᠵᠡᠩᠨᠡᠨ ᠪᠤᠷᠤᠯᠠᠭᠤᠯᠵᠤ ᠲᠦᠭᠡᠮᠡᠯᠵᠢᠬᠦᠯᠬᠦ᠂ ᠪᠡᠯᠨ ᠴᠤᠭᠯᠠᠭᠤᠯᠵᠤ ᠵᠤᠯᠭᠠᠭᠤᠯᠬᠤ ᠵᠡᠷᠭᠡ ᠠᠵᠢᠯᠯᠠᠭ᠎ᠠ ᠶᠢ ᠦᠷᠨᠢᠬᠦᠯᠬᠦ ᠪᠤᠯᠤᠨ᠎ᠠ︔ ᠨᠦᠬᠦᠴᠡᠯ ᠳᠤ ᠨᠡᠶᠢᠴᠡᠭᠰᠠᠳ ᠪᠠᠭ᠎ᠠ ᠲᠤᠭᠠᠨ ᠤ ᠬᠦᠦ ᠮᠦᠩᠬᠦ ᠲᠠᠢ ᠦᠢᠯᠡᠰ ᠪᠤᠰᠬᠠᠬᠤ ᠵᠢᠭᠡᠯᠡᠯᠬᠡ᠂ ᠦᠢᠯᠡᠰ ᠪᠤᠰᠬᠠᠬᠤ ᠨᠦᠬᠦᠪᠦᠷᠢ᠂ ᠶᠡᠭᠡ ᠰᠤᠷᠭᠠᠭᠤᠯᠢ ᠶᠢᠨ ᠤᠶᠤᠳᠠᠨ ᠴᠢᠳᠠᠪᠤᠷᠢᠳᠠᠨ ᠨᠦᠭᠡᠴᠡᠯᠡᠬᠦ ᠵᠡᠷᠭᠡ ᠲᠦᠷᠦ ᠶᠢᠨ ᠪᠤᠳᠤᠯᠭ᠎ᠠ ᠶᠢᠨ ᠦᠢᠯᠡᠴᠢᠯᠡᠭᠡ ᠶᠢ ᠭᠤᠶᠤᠴᠢᠯᠠᠵᠤ ᠪᠤᠯᠤᠨ᠎ᠠ᠃ ᠠᠵᠤ ᠠᠬᠤᠶᠢᠯᠠᠯ ᠰᠠᠭᠤᠷᠢᠰᠢᠬᠤ ᠳᠤ ᠠᠩᠬᠠᠨ ᠤ ᠬᠢᠨᠠᠯᠳᠠ᠂ ᠨᠤᠮ ᠬᠠᠶᠠᠯᠴᠠᠭ᠎ᠠ᠂ ᠲᠤᠬᠠᠢ ᠶᠢᠨ ᠭᠠᠵᠠᠷ ᠤᠨ ᠬᠢᠨᠠᠨ ᠪᠠᠶᠢᠴᠠᠭᠠᠯᠳᠠ᠂ ᠭᠡᠷ᠎ᠡ ᠲᠤᠭᠳᠠᠨ ᠰᠠᠭᠤᠷᠢᠰᠢᠬᠤ ᠶᠠᠪᠤᠴᠨ ᠶᠢ ᠦᠩᠭᠡᠷᠡᠭᠡᠨ᠂ ᠰᠦᠯᠵᠢᠶᠠᠨ ᠳᠡᠭᠡᠷ᠎ᠡ ᠪᠤᠶᠤ ᠤᠳᠠᠰᠤ ᠪᠠᠷ ᠨᠠᠷ᠎ᠡ ᠮᠡᠳᠡᠬᠦᠯᠵᠤ ᠪᠤᠯᠤᠨ᠎ᠠ᠃ ᠰᠦᠯᠵᠢᠶᠠᠨ ᠳᠡᠭᠡᠷ᠎ᠡ ᠨᠡᠷ᠎ᠡ ᠮᠡᠳᠡᠬᠦᠯᠬᠦ ᠳᠤ ᠬᠦᠯᠦᠨ ᠪᠤᠶᠢᠷ ᠬᠤᠳᠠ ᠶᠢᠨ ᠦᠢᠯᠡᠰ ᠪᠤᠰᠬᠠᠬᠤ ᠬᠦᠷᠢᠶᠠᠯᠠᠩ ᠤᠨ ᠰᠦᠯᠵᠢᠶᠠᠨ ᠬᠠᠶ᠋ᠢᠭ ᠢᠶᠠᠷ ᠤᠷᠤᠵᠤ᠂ ︽ᠭᠤᠶᠤᠴᠢᠯᠠᠨ ᠰᠠᠭᠤᠷᠢᠰᠢᠬᠤ︾ ᠴᠤᠩᠬᠤᠪᠴᠢ ᠶᠢ ᠲᠤᠪᠴᠢᠳᠠᠵᠤ᠂ ᠰᠠᠨᠠᠭᠤᠯᠤᠮᠵᠢ ᠶᠤᠰᠤᠭᠠᠷ ᠠᠵᠢᠯᠯᠠᠭᠤᠯᠤᠨ ᠳᠠᠩᠰᠠᠯᠠᠭᠤᠯᠵᠤ᠂ ︽ᠦᠢᠯᠡᠰ ᠪᠤᠰᠬᠠᠬᠤ ᠲᠦᠯᠦᠪᠯᠡᠯᠬᠡ ᠶᠢᠨ ᠪᠢᠴᠢᠭ︾᠂ ︽ᠠᠵᠤ ᠠᠬᠤᠶᠢᠯᠠᠯ ᠤᠨ ᠰᠠᠭᠤᠷᠢᠰᠢᠬᠤ ᠬᠠᠤᠯᠢ ᠶᠢᠨ ᠡᠷᠭᠡᠳᠡᠨ ᠤ ᠨᠠᠷᠢᠯᠢᠭ ᠰᠤᠷᠠᠭ ᠵᠠᠩᠬᠢ ᠶᠢᠨ ᠬᠦᠰᠦᠨᠦᠭᠳᠤ︾᠂ ︽ᠠᠵᠤ ᠠᠬᠤᠶᠢᠯᠠᠯ ᠤᠨ ᠳᠠᠨᠢᠯᠴᠠᠭᠤᠯᠭ᠎ᠠ᠂ ᠬᠠᠤᠯᠢ ᠶᠢᠨ ᠡᠷᠭᠡᠳᠡᠨ ᠤ ᠳᠠᠨᠢᠯᠴᠠᠭᠤᠯᠭ᠎ᠠ︾ ᠶᠢ ᠳᠠᠭᠯᠠᠨ᠂ ᠦᠢᠯᠡᠰ ᠪᠤᠰᠬᠠᠬᠤ ᠬᠦᠷᠢᠶᠠᠯᠠᠩ ᠤᠨ ᠬᠢᠨᠠᠨ ᠰᠢᠯᠭᠠᠯᠳᠠ ᠶᠢ ᠦᠩᠭᠡᠷᠡᠭᠰᠡᠨ ᠤ ᠳᠠᠷᠠᠭ᠎ᠠ ᠤᠳᠠᠰᠤ ᠪᠠᠷ ᠮᠡᠳᠡᠭᠳᠡᠬᠦ ᠶᠢ ᠬᠦᠯᠢᠶᠠᠨ᠎ᠠ᠃ ᠰᠦᠯᠵᠢᠶᠠᠨ ᠠᠴᠠ ᠭᠠᠳᠠᠭᠤᠷ ᠨᠡᠷ᠎ᠡ ᠮᠡᠳᠡᠬᠦᠯᠬᠦ ᠳᠤ 0470 — 3560085 ᠨᠤᠮᠧᠷ ᠢᠶᠠᠷ ᠤᠳᠠᠰᠤᠳᠠᠨ ᠨᠡᠷ᠎ᠡ ᠮᠡᠳᠡᠬᠦᠯᠵᠤ ᠪᠤᠯᠤᠨ᠎ᠠ᠃
 
ᠢᠷᠡᠯᠲᠡ᠄ ᠬᠦᠯᠦᠨ ᠪᠤᠶᠢᠷ ᠤᠨ ᠷᠠᠳᠢᠤ᠋ ᠲᠧᠯᠸᠢᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号