ᠬᠤᠰᠢᠭᠤᠨ ᠤ ᠤᠳᠤᠷᠢᠳᠤᠯᠭ᠎ᠠ ᠮᠥᠩᠭᠦᠨ ᠬᠦᠢᠯᠭᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ ᠪᠠᠶᠢᠴᠠᠭᠠᠨ ᠰᠣᠳᠣᠯᠵᠣ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2020/3/5
       3 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠴᠧᠨ ᠯᠦᠩ ᠬᠤᠰᠢᠭᠤᠨ ᠤ ᠬᠥᠳᠡᠭᠡ ᠲᠣᠰᠬᠤᠨ ᠤ ᠢᠳᠡᠭᠡᠮᠵᠢ ᠶᠢᠨ ᠬᠤᠯᠪᠣᠭᠠᠳᠦ ᠬᠤᠷᠰᠢᠶ᠎ᠠ᠂ ᠲᠠᠷᠢᠶᠠᠯᠠᠩ ᠤᠨ ᠪᠠᠩᠬᠢ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠳᠠᠬᠢ ᠰᠠᠯᠪᠤᠷᠢ ᠪᠠᠩᠬᠢ᠂ ᠶᠢᠨ ᠠᠨ ᠪᠠᠯᠠ ᠲᠤᠬᠢᠷᠠᠭᠤᠯᠤᠨ ᠲᠠᠭᠠᠭᠠᠨ ᠪᠠᠳᠤᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠳᠤᠮᠳᠠᠳᠤ ᠣᠯᠣᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨ᠎ᠡ ᠪᠠᠷᠭᠤ ᠪᠠᠷᠠᠭᠤᠨ ᠬᠤᠰᠢᠭᠤᠨ‌‍ᠳᠠᠬᠢ ᠰᠠᠯᠪᠤᠷᠢ ᠺᠣᠮᠫᠠᠨᠢ ᠵᠡᠷᠭᠡ ᠭᠠᠵᠠᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶᠢᠯᠠᠯ ᠤᠨ ᠡᠵᠡᠩᠨᠡᠯᠲᠡ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠤᠯᠴᠠᠵᠠᠢ᠃
       ᠡᠯ᠎ᠡ ᠮᠥᠩᠭᠦᠨ ᠬᠦᠢᠯᠭᠡᠭᠡᠨ ᠤ ᠪᠠᠶᠢᠭᠤᠯᠤᠮᠵᠢ ᠳᠤ᠂ ᠴᠧᠨ ᠯᠦᠩ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠪᠠᠶᠢᠳᠠᠯ ᠢ ᠨᠠᠷᠢᠯᠢᠭ ᠣᠶᠢᠯᠠᠭᠠᠬᠤ ᠶᠢᠨ ᠲᠠᠭᠠᠤ ᠱᠠᠭᠠᠷᠳᠠᠭᠰᠠᠨ ᠨᠢ᠂ ᠡᠯ᠎ᠡ ᠮᠥᠩᠭᠦᠨ ᠬᠦᠢᠯᠭᠡᠭᠡᠨ ᠤ ᠪᠠᠶᠢᠭᠤᠯᠤᠮᠵᠢ ︽ᠨᠢᠭᠳᠠᠷᠠᠨ ᠪᠦᠯᠬᠦᠮᠳᠡᠬᠦ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠤᠯᠭᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠲᠡᠭᠡᠭᠰᠢᠯᠡᠬᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠲᠡᠭᠡᠷ᠎ᠡ ᠨᠢᠭᠡᠳᠬᠡᠵᠦ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠵᠣᠷᠢᠭ ᠰᠠᠨᠠᠭ᠎ᠠ ᠪᠠᠷ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠨ᠂ ᠨᠢᠭᠡ ᠲᠠᠯ᠎ᠠ ᠪᠠᠷ ᠠᠵᠤ ᠠᠬᠤᠶ ᠶᠢᠨ ᠬᠥᠭᠵᠢᠯᠲᠡ ᠶᠢ ᠠᠳᠬᠤᠵᠤ᠂ ︽ᠬᠤᠶᠠᠷ ᠲᠠᠯ᠎ᠠ ᠪᠠᠷ ᠠᠳᠬᠤᠬᠤ ᠪᠦᠭᠡᠳ ᠬᠤᠶᠠᠷ ᠲᠠᠯ᠎ᠠ ᠶᠢ ᠴᠢᠩᠭ᠎ᠠ ᠠᠳᠬᠤᠬᠤ︾ ᠬᠡᠷᠡᠭᠲᠡᠶ ᠭᠡᠵᠡᠢ᠃ ᠲᠡᠷᠡ ᠪᠠᠰᠠ᠂ ᠣᠳᠣᠬᠠᠨ ᠳᠤ ᠶᠠᠭ ᠲᠦᠯ ᠲᠤᠰᠴᠤ ᠪᠤᠶᠢᠵᠢᠭᠤᠯᠬᠤ ᠬᠤᠭᠤᠴᠠᠭ᠎ᠠ ᠪᠤᠯᠤᠨ᠎ᠠ᠂ ᠡᠯ᠎ᠡ ᠮᠥᠩᠭᠦᠨ ᠬᠦᠢᠯᠭᠡᠭᠡᠨ ᠤ ᠪᠠᠶᠢᠭᠤᠯᠤᠮᠵᠢ ᠲᠥᠷᠥ ᠶᠢᠨ ᠪᠣᠳᠣᠯᠭ᠎ᠠ ᠶᠢᠨ ᠰᠤᠳᠤᠯᠭᠠᠨ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠵᠢᠭᠡᠯᠡᠯᠭᠡ ᠲᠠᠯᠪᠢᠵᠤ᠂ ᠪᠥᠬᠦ ᠬᠤᠰᠢᠭᠤᠨ ᠤ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠴᠢᠨᠠᠷ ᠰᠠᠶᠢᠲᠠᠶ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ ᠦᠨᠡᠨᠴᠢ ᠰᠢᠳᠤᠷᠭᠤ ᠪᠠᠷ ᠬᠠᠷᠢᠯᠴᠠᠨ ᠢᠲᠡᠭᠡᠯᠴᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠵᠠᠷᠴᠢᠮ ᠢ ᠪᠠᠷᠢᠮᠳᠠᠯᠠᠨ᠂ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠲᠣᠭᠤᠷᠢᠨ ᠢ ᠪᠣᠢ ᠪᠤᠯᠭᠠᠨ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠭᠦᠨ ᠤ ᠬᠠᠮᠲᠤ᠂ ᠰᠤᠷᠳᠠᠯ ᠤᠬᠠᠭᠤᠯᠭ᠎ᠠ ᠶᠢᠨ ᠠᠵᠢᠯ ᠢ  ᠴᠢᠩᠭᠠᠳᠬᠠᠵᠦ᠂ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠡᠬᠦᠷᠭᠡᠯᠡᠯ ᠢᠶᠠᠨ ᠰᠠᠶᠢᠲᠤᠷ ᠬᠦᠢᠴᠡᠳᠭᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠮᠥᠩᠭᠦᠨ ᠬᠦᠢᠯᠭᠡᠭᠡᠨ ᠤ ᠦᠢᠯᠡᠴᠢᠯᠡᠭᠡ  ᠶᠢᠨ ᠮᠡᠳᠡᠯᠭᠡ ᠶᠢ ᠤᠬᠠᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠠᠷᠠᠳ ᠣᠯᠠᠨ ᠤ ᠵᠦᠶ ᠵᠣᠬᠢᠰᠲᠠᠶ ᠵᠢᠭᠡᠯᠡᠯᠭᠡ ᠶᠢ ᠬᠥᠲᠥᠯᠥᠨ ᠵᠢᠯᠣᠭᠤᠳᠴᠤ᠂ ᠮᠥᠩᠭᠦᠨ ᠬᠦᠢᠯᠭᠡᠭᠡᠨ ᠤ ᠦᠢᠯᠡᠰ ᠤᠨ ᠦᠷᠬᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
         ᠤᠷᠴᠢᠭᠤᠯᠤᠭᠴᠢ᠄ ᠤᠳᠤᠨᠬᠡᠷᠡᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号