ᠪᠦᠭᠡᠪᠠᠶᠠᠷ ᠬᠤᠰᠢᠭᠤᠨ ᠤ ᠭᠠᠯ ᠢ ᠰᠡᠷᠭᠡᠶᠢᠯᠡᠬᠦ ᠠᠯᠪᠠᠨ ᠭᠡᠷ ᠲᠤ ᠭᠦᠨᠵᠡᠭᠡᠶᠢᠷᠡᠨ ᠲᠤᠬᠠᠶ ᠶᠢᠨ ᠳᠠᠯᠠᠪᠤᠷ  ᠲᠤ ᠬᠦᠷᠴᠦ ᠠᠵᠢᠯᠯᠠᠪᠠ
ᠨᠡᠶᠢᠲᠡᠯᠡᠭᠰᠡᠨ ᠴᠠᠭ᠄
2020/4/14
       ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠭᠡᠪᠠᠶᠠᠷ ᠬᠤᠰᠢᠭᠤᠨ ᠤ ᠭᠠᠯ ᠢ ᠰᠡᠷᠭᠡᠶᠢᠯᠡᠬᠦ ᠠᠯᠪᠠᠨ ᠬᠡᠷ ᠲᠤ ᠭᠦᠨᠵᠡᠭᠡᠶᠢᠷᠡᠨ᠂ ᠠᠷᠠᠳ ᠤᠨ ᠵᠡᠪᠰᠡᠭᠲᠦ ᠬᠦᠴᠦᠨ ᠤ ᠭᠡᠯᠳᠡᠰ ᠤᠨ ᠡᠷᠦᠬᠡ ᠶᠢᠨ ᠴᠡᠷᠢᠭ ᠤᠨ ᠲᠣᠨᠤᠭ ᠲᠥᠬᠦᠭᠡᠷᠦᠮᠵᠢ ᠶᠢᠨ ᠬᠥᠮᠥᠷᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠠᠵᠢᠯ ᠤᠨ ᠲᠤᠬᠠᠶ ᠶᠢᠨ ᠳᠠᠯᠠᠪᠤᠷ ᠲᠤ ᠬᠦᠷᠴᠦ ᠠᠵᠢᠯᠯᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠠᠨ ᠹᠧᠩ ᠯᠢᠨ᠂ ᠠᠷᠠᠳ ᠤᠨ ᠵᠡᠪᠰᠡᠭᠲᠦ ᠬᠦᠴᠦᠨ ᠤ ᠭᠡᠯᠳᠡᠰ ᠤᠨ ᠲᠠᠷᠤᠭ᠎ᠠ ᠶᠠᠨ ᠶᠦᠩ ᠯᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠤᠯᠴᠠᠵᠠᠢ᠃        ᠪᠦᠭᠡᠪᠠᠶᠠᠷ ᠭᠠᠯ ᠢ ᠰᠡᠷᠭᠡᠶᠢᠯᠡᠬᠦ ᠡᠳ᠋ ᠪᠣᠳᠠᠰ ᠤᠨ ᠬᠥᠮᠥᠷᠭᠡ ᠳᠤ ᠬᠦᠷᠴᠦ᠂ ᠲᠤᠨᠤᠭ ᠲᠦᠬᠦᠭᠡᠷᠦᠮᠵᠢ ᠤᠨ ᠪᠥᠲᠥᠭᠡᠨ ᠪᠠᠶᠢᠭᠤᠯᠤᠯᠲᠠ᠂ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠯᠢᠭ ᠤᠶᠢᠯᠠᠭᠠᠬᠤ ᠶᠢᠨ ᠬᠠᠮᠳᠦ ᠢᠯᠡᠷᠡᠭᠦᠯᠦᠭᠰᠡᠨ ᠠᠰᠠᠭᠤᠳᠠᠯ ᠤᠨ ᠳᠤᠬᠠᠢ᠂ ᠲᠤᠬᠠᠶ ᠶᠢᠨ ᠳᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠶ᠃
       ᠪᠦᠬᠡᠪᠠᠶᠠᠷ ᠴᠢᠬᠤᠯᠠᠴᠢᠯᠠᠬᠤ ᠳᠠᠭᠠᠨ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠪᠡᠯᠡᠳᠭᠡᠯ ᠬᠦᠴᠦᠨ ᠤ ᠪᠠᠶᠢᠭᠤᠯᠤᠯᠲᠠ ᠶᠢᠨ ᠰᠠᠭᠤᠷᠢ ᠪᠤᠯᠤᠨ᠎ᠠ᠂ ᠵᠣᠬᠢᠶᠠᠨ  ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠠᠶᠢᠭᠤᠯᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠦᠷᠢᠮᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠠᠶᠢᠭᠤᠯᠤᠯᠲᠠ ᠶᠢ ᠪᠠᠶᠢᠩᠭᠤᠵᠢᠭᠤᠯᠬᠤ ᠳᠡᠭᠡᠷ᠎ᠡ ᠲᠠᠰᠤᠷᠠᠯᠳᠠ ᠦᠭᠡᠢ ᠬᠦᠴᠦ ᠲᠡᠯᠪᠢᠵᠦ᠂ ᠲᠤᠬᠢᠷᠠᠭᠤᠯᠵᠤ ᠲᠤᠨᠤᠭᠯᠠᠭᠰᠠᠨ ᠪᠠᠭᠠᠵᠢ ᠬᠡᠷᠡᠭᠰᠡᠯ ᠢ ᠦᠨᠡᠨ ᠬᠦ ᠰᠠᠶᠢᠲᠤᠷ ᠬᠠᠳᠠᠭᠠᠯᠠᠵᠤ᠂ ᠰᠠᠶᠢᠲᠤᠷ ᠠᠷᠠᠴᠢᠯᠠᠵᠤ᠂ ᠰᠠᠶᠢᠲᠤᠷ ᠬᠡᠷᠡᠭᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠬᠦᠴᠦᠨ ᠢ ᠵᠢᠷᠤᠮᠵᠢᠭᠤᠯᠬᠤ ᠪᠠ ᠳᠦᠷᠢᠮᠵᠢᠭᠦᠯᠬᠦ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠥᠷᠭᠡᠨ ᠣᠯᠠᠨ ᠪᠡᠯᠡᠳᠭᠡᠯ ᠡᠷᠦᠬᠡ ᠶᠢᠨ ᠴᠡᠷᠢᠭ ᠤᠨ ᠢᠳᠡᠪᠬᠢᠵᠢᠯ ᠪᠤᠯᠤᠨ ᠪᠦᠳᠤᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠂ ᠪᠦᠬᠦ ᠨᠡᠶᠢᠭᠡᠮ ᠢᠶᠠᠷ ᠢᠶᠠᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠠᠶᠢᠭᠤᠯᠤᠯᠲᠠ ᠶᠢ ᠬᠠᠯᠠᠮᠵᠢᠯᠠᠨ ᠳᠡᠮᠵᠢᠬᠦ ᠬᠦᠨ ᠥᠳᠬᠡᠨ ᠠᠭᠤᠷ ᠠᠮᠢᠰᠬᠤᠯ ᠢ ᠦᠨᠡᠨᠬᠦ ᠪᠤᠢ ᠪᠣᠯᠭᠠᠬᠤ ᠬᠡᠷᠡᠭᠲᠡᠶ᠃ ᠡᠷᠦᠬᠡ ᠶᠢᠨ ᠴᠡᠷᠢᠭ ᠤᠨ ᠡᠩᠨᠡᠭᠡᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠣᠨᠤᠭ ᠲᠦᠬᠦᠭᠡᠷᠦᠮᠵᠢ ᠪᠠᠭᠠᠵᠢ ᠬᠡᠷᠡᠭᠰᠡᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠡᠩᠨᠡᠭᠡ ᠶᠢ ᠪᠠᠳᠤᠯᠠᠵᠤ᠂ ᠡᠭᠦᠷᠭᠡ ᠪᠠᠨ ᠪᠡᠶᠡᠯᠡᠬᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠪᠡ᠃                                                           ᠤᠷᠴᠢᠭᠤᠯᠤᠭᠴᠢ᠄ ᠤᠳᠤᠠᠭᠡᠷᠡᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号