ᠬᠡᠷᠦᠯᠦᠨ ᠰᠤᠮᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/4/21
       4 ᠰᠠᠷ᠎ᠠ ᠶᠢᠨ 20 ᠤ ᠡᠳᠦᠷ᠂ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ︽ᠪᠤᠵᠠᠷ᠂ ᠡᠮᠬᠢ ᠵᠠᠮᠪᠠᠷᠠᠭ᠎ᠠ ᠦᠬᠡᠢ᠂ ᠠᠨᠠᠶ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠵᠢᠯ ᠤᠨ ᠪᠦᠬᠦᠯᠢ ᠴᠣᠭᠴᠠ ᠶᠢᠨ ᠬᠢᠷᠢ  ᠲᠦᠪᠰᠢᠨ ᠢ ᠳᠡᠭᠡᠭᠰᠢᠯᠡᠭᠦᠯᠦᠨ᠂ ᠴᠢᠭᠯᠡᠯᠳᠦ ᠴᠢᠨᠠᠷᠲᠠᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠬᠦ ᠶᠢᠨ ᠲᠥᠯᠥᠭᠡ᠂ ᠭᠡᠷᠦᠯᠦᠨ ᠰᠤᠮᠤ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠮᠢᠯᠠᠭᠰᠠᠨ ᠰᠠᠯᠪᠤᠷᠢ᠂ ᠠᠷᠤ ᠲᠠᠯ᠎ᠠ ᠶᠢᠨ ᠠᠵᠢᠯ ᠤᠨ ᠬᠠᠮᠢᠶᠠᠷᠤᠨ ᠬᠠᠮᠠᠭᠠᠯᠠᠬᠤ ᠠᠩᠭᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠱᠠᠯᠠᠪᠳᠠᠭᠤᠯᠤᠨ ᠪᠠᠶᠢᠴᠠᠭᠠᠬᠤ ᠪᠠ ᠪᠠᠶᠢᠴᠠᠭᠠᠨ ᠰᠤᠳᠤᠯᠬᠤ ᠠᠵᠢᠯ ᠥᠷᠨᠢᠭᠦᠯᠪᠡ᠃
       ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠥᠪᠯᠡᠷᠡᠨ ᠰᠠᠭᠤᠭ᠎ᠠ ᠭᠠᠵᠠᠷ ᠤᠨ ᠬᠤᠭ ᠨᠤᠪᠰᠢ ᠶᠢ ᠲᠥᠷᠥᠯ ᠠᠩᠬᠢᠯᠠᠨ ᠰᠢᠢᠳᠪᠦᠷᠢᠯᠡᠬᠦ ᠠᠰᠠᠭᠤᠳᠠᠯ ᠤᠨ ᠲᠤᠬᠠᠢ ᠱᠠᠯᠠᠪᠳᠠᠭᠤᠯᠤᠨ ᠪᠠᠶᠢᠴᠠᠭᠠᠵᠤ᠂ ᠪᠠᠶᠢᠴᠠᠭᠠᠨ ᠰᠣᠳᠤᠯᠤᠯᠳᠠ ᠪᠠ ᠤᠬᠠᠭᠤᠯᠭ᠎ᠠ ᠬᠢᠵᠦ᠂ ᠮᠠᠯᠵᠢᠬᠤ ᠡᠷᠦᠬᠡ᠂ ᠬᠤᠳᠠᠯᠳᠤᠭ᠎ᠠ ᠳᠡᠯᠭᠡᠭᠦᠷ ᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠤᠷᠤᠨ ᠪᠠᠶᠢᠷᠢᠨ ᠳᠤᠨᠢ ᠳᠤᠯᠳᠠᠯ᠎ᠠ ᠴᠡᠪᠡᠷᠯᠡᠭᠰᠡᠨ ᠡᠰᠡᠬᠦ᠂ ᠬᠤᠭ ᠨᠣᠪᠰᠢ ᠬᠠᠶᠠᠵᠦ ᠤᠪᠤᠭᠠᠯᠠᠬᠤ ᠴᠡᠭ ᠳᠠᠬᠢ ᠬᠤᠭ ᠨᠤᠪᠰᠢ ᠶᠢ ᠴᠡᠪᠡᠷᠯᠡᠨ ᠳᠡᠭᠡᠭᠡᠪᠦᠷᠢᠯᠡᠭᠰᠡᠨ ᠡᠰᠡᠬᠦ ᠶᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠪᠠᠶᠢᠴᠠᠭᠠᠭᠠᠳ ᠣᠯᠵᠤ ᠮᠡᠳᠡᠭᠰᠡᠨ ᠠᠰᠠᠭᠤᠳᠠᠯ ᠢ ᠦᠨᠳᠦᠰᠦᠯᠡᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠪᠠᠶᠢᠴᠠᠭᠠᠯᠳᠠ ᠳᠤᠮᠳᠠ ᠣᠯᠵᠤ ᠮᠡᠳᠡᠭᠰᠡᠨ ᠠᠰᠠᠭᠤᠳᠠᠯ ᠲᠠᠢ ᠤᠶᠠᠯᠳᠤᠭᠤᠯᠤᠨ᠂ ᠵᠦᠢᠯ ᠳᠠᠷᠠᠭᠠᠯᠠᠨ ᠵᠢᠯᠣᠭᠤᠳᠬᠤ ᠰᠠᠨᠠᠯ ᠳᠤᠷᠠᠳᠤᠨ᠎ᠠ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠴᠢᠬᠤᠯᠠᠴᠢᠯᠠᠬᠤ ᠳᠠᠭᠠᠨ᠂ ᠬᠠᠮᠢᠶ᠎ᠠ ᠪᠦᠬᠦᠢ ᠰᠠᠯᠠᠭ᠎ᠠ ᠲᠠᠰᠤᠭ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠪᠴᠢᠶ᠎ᠠ ᠬᠠᠷᠢᠭᠤᠴᠠᠯᠭ᠎ᠠ ᠪᠠᠨ ᠴᠢᠩᠭᠠᠳᠬᠠᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠨᠡᠭᠡᠭᠡᠨ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠬᠠᠮᠢᠶᠠᠷᠤᠨ ᠡᠵᠡᠮᠳᠡᠬᠦ ᠠᠵᠢᠯ ᠤᠨ ᠲᠥᠰᠦᠯ ᠲᠣᠭᠲᠠᠭᠠᠵᠤ᠂ ᠪᠣᠳᠠᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠠᠶᠢᠲᠤᠷ ᠠᠳᠬᠤᠨ᠂ ᠬᠠᠮᠢᠶᠠᠷᠴᠤ ᠬᠠᠮᠠᠭᠠᠯᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠮᠠᠯᠴᠢᠳ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃
       ᠲᠣᠰ ᠤᠳᠠᠭᠠᠨ ᠤ ᠱᠠᠯᠠᠪᠳᠠᠭᠤᠯᠤᠨ ᠪᠠᠶᠢᠴᠠᠭᠠᠯᠲᠠ ᠪᠠᠷ ᠳᠠᠮᠵᠢᠨ᠂ ᠬᠠᠮᠢᠶ᠎ᠠ ᠪᠥᠬᠦᠶ ᠰᠠᠯᠠᠭ᠎ᠠ ᠲᠠᠰᠤᠭ ᠤᠨ  ᠬᠢᠨ ᠬᠦᠮᠦᠨ ᠠᠷᠠᠳ ᠤᠨ ᠤᠷᠤᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠰᠤᠮᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠳᠤ ᠪᠠᠲᠤ ᠪᠠᠬᠢ ᠰᠠᠭᠤᠷᠢ ᠳᠠᠯᠪᠢᠵᠦ ᠦᠭᠪᠡ᠃
       ᠲᠠᠷᠠᠭᠠᠴᠢ ᠶᠢᠨ ᠠᠯᠬᠤᠮ ᠳᠤ ᠬᠡᠷᠦᠯᠦᠨ ᠰᠤᠮᠤ ᠢᠮᠠᠭᠲᠠ ᠬᠦᠮᠦᠨ ᠠᠷᠠᠳ ᠤᠨ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠤᠯᠤᠰ ᠲᠥᠷᠥ ᠶᠢᠨ ᠢᠨᠵᠧᠨᠧᠷᠢᠩ᠂ ᠲᠡᠷᠢᠭᠦᠨ ᠵᠡᠷᠭᠡ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠰᠢᠰᠲ᠋ᠧᠮᠲᠦ ᠢᠨᠵᠧᠨᠧᠷᠢᠩ ᠪᠤᠯᠭᠠᠨ᠂ ᠠᠯᠤᠰ ᠬᠡᠲᠦ ᠳᠤ ᠰᠠᠭᠤᠷᠢᠯᠠᠵᠤ᠂ ᠮᠠᠯᠵᠢᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠣᠪᠴᠢᠶ᠎ᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠩᠭᠢ᠂ ᠮᠠᠯᠴᠢᠳ ᠤᠨ ᠬᠠᠷᠢᠯᠴᠠᠨ ᠬᠦᠳᠡᠯᠦᠯᠴᠡᠵᠦ᠂ ᠳᠡᠭᠡᠷ᠎ᠡ ᠠᠴᠠ ᠳᠣᠷᠣᠭᠰᠢ ᠠᠵᠢᠯᠯᠠᠬᠤ ᠰᠢᠰᠲ᠋ᠧᠮᠲᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ᠂ ᠠᠮᠢᠳᠤᠷᠠᠯ ᠤᠨ ᠪᠤᠵᠠᠷ ᠤᠰᠤ᠂ ᠮᠠᠯ ᠤᠨ ᠢᠯᠭᠠᠳᠠᠰᠦ ᠶᠢ ᠰᠢᠢᠳᠪᠦᠷᠢᠯᠡᠬᠦ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠡᠷᠴᠢᠮ ᠢ ᠭᠤᠤᠯᠳᠠᠯᠭ᠎ᠠ ᠲᠠᠢ ᠴᠢᠩᠭᠠᠳᠬᠠᠨ᠂ ᠤᠬᠠᠭᠤᠯᠵᠤ ᠬᠥᠲᠥᠯᠥᠨ ᠵᠢᠯᠣᠭᠤᠳᠬᠤ ᠪᠠ ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠬᠤᠯᠠᠴᠢᠯᠠᠵᠤ᠂ ᠮᠠᠯᠴᠢᠳ ᠤᠨ ᠦᠵᠡᠯ ᠤᠬᠠᠮᠰᠠᠷ ᠪᠠ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠡᠭᠦᠨ ᠤ ᠬᠠᠮᠲᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠦ᠂ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠨᠠᠶᠢᠳᠠᠪᠦᠷᠢᠵᠢᠭᠤᠯᠤᠯᠳᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃                     ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号