ᠬᠤᠰᠢᠭᠤᠨ ᠤ ᠤᠳᠤᠷᠢᠳᠤᠯᠭ᠎ᠠ ᠠᠷᠣᠬᠠᠰᠢᠶᠠᠳᠦ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/4/23
       4 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠢᠨ ᠼᠠᠩ᠂ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠮᠠᠨᠳᠡ  ᠠᠷᠤᠬᠠᠰᠢᠶᠠᠳᠦ ᠪᠠᠯᠭᠠᠰᠤᠨ ᠳᠤ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠬᠤ ᠪᠠᠬᠢᠯᠠᠯᠳᠠ ᠰᠢᠪᠲᠤᠯᠬᠤ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ᠂ ᠲᠥᠯ ᠲᠤᠰᠴᠤ ᠪᠤᠶᠢᠵᠢᠭᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠤᠬᠠᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠠ᠃
       ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠢᠨ ᠼᠠᠩ ᠤᠷᠢᠳ ᠬᠤᠵᠢᠳ ᠲᠡᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠦᠬᠡ ᠰᠠᠶᠢᠰᠢᠶᠠᠯᠳᠦ ᠪᠤᠯᠤᠨ ᠰᠦᠢ ᠬᠤᠸᠠ ᠶᠢᠨ ᠭᠡᠷ ᠲᠤ ᠬᠦᠷᠴᠦ᠂ ᠲᠡᠳᠡᠨᠡᠷ ᠤᠨ ᠬᠡᠷ ᠪᠦᠯᠢ ᠶᠢᠨ ᠪᠠᠶᠢᠳᠠᠯ᠂ ᠶᠠᠳᠠᠭᠤᠷᠠᠭᠰᠠᠨ ᠰᠢᠯᠲᠠᠭᠠᠨ᠂ ᠪᠡᠶ᠎ᠡ ᠮᠠᠬᠠᠪᠣᠳ ᠤᠨ ᠪᠠᠶᠢᠳᠠᠯ᠂ ᠤᠰᠤ ᠤᠮᠳᠠ ᠶᠢᠨ ᠠᠮᠤᠷ ᠲᠦᠪᠰᠢᠨ᠂ ᠶᠠᠮᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠳᠡᠭᠰᠡᠨ᠂ ᠪᠠᠰᠠ ᠶᠠᠮᠠᠷ ᠬᠦᠴᠢᠷᠳᠡᠯ ᠪᠠᠶᠢᠬᠤ ᠶᠢ ᠬᠠᠯᠠᠮᠵᠢᠯᠠᠨ ᠠᠰᠠᠭᠤᠵᠤ᠂ ᠶᠠᠳᠠᠭᠤ ᠬᠦᠴᠢᠷᠳᠡᠯ ᠤᠨ ᠬᠡᠮ ᠰᠣᠭᠤᠭ ᠢ ᠲᠦᠢᠯᠪᠤᠷᠢᠲᠠᠢ ᠠᠷᠢᠯᠭᠠᠨ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠳᠤᠳᠬᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠬᠤ ᠶᠢ ᠪᠠᠲᠤᠯᠠᠬᠤ ᠬᠡᠷᠡᠭᠲᠡᠢ᠃ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠳᠤ ᠴᠢᠭᠯᠡᠬᠦᠯᠦᠨ᠂ ᠢᠳᠡᠪᠬᠢᠲᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ ᠭᠡᠵᠡᠢ᠃
        ᠶᠢᠨ ᠼᠠᠩ ᠨᠠᠷ ᠪᠠᠰᠠ ᠠᠷᠤᠬᠠᠰᠢᠶᠠᠳᠦ ᠪᠠᠯᠭᠠᠰᠦ ᠶᠢᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠪᠣᠯᠭᠤᠭᠠᠨ ᠲᠣᠬᠤᠨᠢᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠶᠠᠳᠠᠭᠤ ᠠᠴᠠ ᠠᠩᠭᠢᠵᠢᠷᠠᠭᠤᠯᠬᠤ  ᠪᠠᠬᠢᠯᠠᠯᠳᠠ ᠰᠢᠪᠳᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠤᠶᠢᠯᠠᠭᠠᠬᠤ ᠶᠢᠨ ᠬᠠᠮᠳᠦ ᠰᠠᠨᠠᠯ ᠱᠠᠭᠠᠷᠳᠠᠯᠭ᠎ᠠ ᠳᠤᠷᠠᠳᠪᠠ᠃
       ᠠᠷᠤᠬᠠᠰᠢᠶᠠᠳᠦ ᠪᠠᠯᠭᠠᠰᠦ ᠶᠢᠨ ᠪᠠᠴᠢᠮ ᠪᠠᠶᠢᠳᠠᠯ ᠢ ᠠᠷᠭᠠᠴᠠᠬᠤ ᠪᠠᠭᠠᠵᠢ ᠬᠡᠷᠡᠭᠰᠡᠯ ᠤᠨ ᠨᠥᠭᠡᠴᠡ ᠶᠢᠨ ᠬᠥᠮᠥᠷᠭᠡ ᠳᠤ᠂ ᠶᠢᠨ ᠼᠠᠩ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠪᠠ ᠡᠳ᠋ ᠪᠣᠳᠠᠰ ᠤᠨ ᠨᠥᠭᠡᠴᠡ ᠶᠢ ᠪᠠᠶᠢᠴᠠᠭᠠᠵᠤ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠬᠤᠭᠤᠴᠠᠭ᠎ᠠ ᠪᠠᠶᠢᠵᠤ᠂ ᠶᠡᠭᠡ ᠰᠠᠯᠬᠢ ᠰᠡᠯᠬᠢᠯᠠᠬᠤ ᠵᠡᠷᠭᠡ ᠲᠡᠭᠷᠢ ᠮᠠᠭᠤᠬᠠᠶᠢᠷᠠᠬᠤ ᠪᠠᠶᠢᠳᠡᠯ ᠢ ᠳᠠᠭᠠᠯᠳᠤᠨ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠴᠠᠭ ᠢᠮᠠᠭᠲᠠ  ᠲᠡᠭᠡᠳᠦ ᠬᠡᠮᠵᠢᠶᠡᠨ ᠤ ᠰᠣᠨᠣᠷ ᠰᠡᠷᠡᠮᠵᠢ ᠶᠢ ᠪᠠᠳᠤᠯᠠᠨ᠂ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠲᠣᠨᠤᠭ ᠲᠦᠬᠦᠭᠡᠷᠦᠮᠵᠢ ᠶᠢᠨ ᠲᠣᠬᠢᠷᠠᠭᠤᠯᠤᠯᠲᠠ ᠪᠠᠨ ᠴᠢᠩᠭᠠᠳᠬᠠᠵᠤ᠂ ᠭᠠᠯ ᠲᠦᠢᠮᠡᠷ ᠭᠠᠷᠬᠤ ᠪᠠᠶᠢᠳᠠᠯ ᠢ ᠮᠡᠳᠡᠭᠰᠡᠭᠡᠷ ᠦᠳᠳᠡᠷ ᠲᠦᠷᠭᠡᠨ ᠬᠠᠷᠢᠭᠤ ᠲᠤᠰᠬᠠᠯ ᠭᠠᠷᠴᠦ᠂ ᠦᠳᠲᠡᠷ ᠲᠦᠷᠭᠡᠨ ᠬᠦᠳᠡᠯᠤᠯᠴᠠᠨ᠂ ᠴᠠᠭ ᠲᠤᠬᠠᠶ ᠳᠤᠨᠢ ᠭᠠᠯ ᠢ ᠤᠨᠲᠠᠷᠠᠭᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃                             ᠤᠷᠴᠢᠭᠤᠯᠤᠭᠴᠢ᠄ ᠤᠳᠣᠨᠬᠡᠷᠡᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号