ᠮᠠᠨ ᠤ ᠬᠤᠰᠢᠭᠤᠨ ᠤ ᠴᠡᠴᠡᠭᠯᠡᠯ ᠮᠠᠯᠵᠢᠯ ᠤᠨ ᠲᠤᠰᠬᠠᠶ ᠬᠤᠷᠰᠢᠶᠠᠵᠢᠯ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2020/4/26
       ᠣᠶᠢᠷ᠎ᠠ ᠳᠤ᠂ ᠮᠠᠨ ᠤ ᠬᠤᠰᠢᠭᠤᠨ ᠤ ᠴᠡᠴᠡᠭᠯᠡᠯ ᠮᠠᠯᠵᠢᠯ ᠤᠨ ᠲᠤᠰᠬᠠᠶ ᠬᠤᠷᠰᠢᠶᠠᠵᠢᠯ ᠪᠠᠶᠢᠭᠤᠯᠤᠭᠳᠠᠬᠤ ᠬᠤᠷᠠᠯ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠶᠠᠪᠤᠭᠳᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠠᠶ ᠶᠢᠨ ᠴᠢᠤᠸᠠᠨ᠂ ᠬᠡᠷᠦᠯᠦᠨ ᠰᠤᠮᠤᠨ ᠤ ᠨᠠᠮ ᠵᠠᠰᠠᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠴᠡᠴᠡᠭᠯᠡᠯ ᠮᠠᠯᠵᠢᠯ ᠤᠨ ᠳᠤᠰᠬᠠᠢ ᠬᠤᠷᠰᠢᠶᠠᠵᠢᠯ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠠᠶ᠃
       ᠦᠳᠡ ᠶᠢᠨ ᠡᠮᠦᠨᠡᠬᠢ 9 ᠴᠠᠭ ᠲᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠵᠦ᠂ ᠴᠡᠴᠡᠭᠯᠡᠯ ᠮᠠᠯᠵᠢᠯ  ᠤᠨ ᠲᠤᠰᠬᠠᠢ ᠬᠤᠷᠰᠢᠶᠠᠵᠢᠯ ᠤᠨ ᠲᠦᠷᠢᠮ ᠢ ᠬᠤᠷᠠᠯ ᠢᠶᠠᠷ ᠪᠠᠳᠤᠯᠠᠭᠤᠯᠵᠦ᠂ ᠪᠦᠬᠦ ᠪᠦᠷᠢᠯᠳᠦᠬᠦᠨ ᠲᠦᠷᠢᠮ ᠳᠡᠭᠡᠷ᠎ᠡ ᠭᠠᠷ ᠤᠨ ᠦᠰᠦᠭ ᠵᠢᠷᠤᠪᠠ︔ ᠬᠤᠷᠰᠢᠶᠠᠵᠢᠯ ᠤᠨ ᠰᠣᠩᠭᠤᠭᠤᠯᠢ ᠶᠢᠨ ᠠᠷᠭ᠎ᠠ ᠶᠢ ᠬᠤᠷᠠᠯ ᠢᠶᠠᠷ ᠪᠠᠳᠤᠯᠠᠭᠤᠯᠪᠠ︔ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ᠂ ᠬᠡᠷᠡᠭ ᠡᠷᠬᠢᠯᠡᠭᠴᠢ᠂ ᠬᠢᠨᠠᠭᠴᠢᠳ ᠤᠨ ᠳᠠᠷᠤᠭ᠎ᠠ ᠪᠠ ᠬᠢᠨᠠᠭᠴᠢ ᠶᠢ ᠰᠤᠩᠭᠤᠨ ᠭᠠᠷᠭᠠᠪᠠ᠃
       ᠲᠠᠷᠠᠭ᠎ᠠ ᠨᠢ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠷᠠᠯ ᠳᠤ ᠰᠣᠩᠭᠤᠭᠤᠯᠢ ᠶᠢᠨ ᠦᠷ᠎ᠡ ᠳ᠋ᠦᠩ ᠢ ᠵᠠᠷᠯᠠᠵᠤ᠂ ᠪᠦᠬᠦ ᠪᠦᠷᠢᠯᠳᠦᠬᠦᠨ ᠰᠣᠩᠭᠤᠭᠤᠯᠢ ᠶᠢᠨ ᠠᠯᠬᠤᠮ ᠳᠠᠷᠠᠭ᠎ᠠ ᠶᠢ ᠨᠤᠲᠠᠯᠠᠬᠤ ᠪᠢᠴᠢᠭ ᠪᠠ ᠰᠣᠩᠭᠤᠭᠤᠯᠢ ᠶᠢᠨ ᠦᠷ᠎ᠡ ᠳ᠋ᠦᠩ ᠢ ᠨᠤᠲᠠᠯᠠᠬᠤ ᠪᠢᠴᠢᠭ ᠳᠡᠭᠡᠷ᠎ᠡ ᠭᠠᠷ ᠤᠨ ᠦᠰᠦᠭ ᠵᠢᠷᠤᠪᠠ︔ ᠰᠢᠨ᠎ᠡ ᠪᠠᠷ ᠰᠣᠩᠭᠤᠭᠳᠠᠭᠰᠠᠨ ᠬᠡᠷᠡᠭ ᠡᠷᠬᠢᠯᠡᠭᠴᠢᠳ ᠤᠨ ᠳᠠᠷᠤᠭ᠎ᠠ ᠱᠢ ᠭᠤᠸᠠᠩ ᠳ᠋ᠧ᠂ ᠬᠢᠨᠠᠭᠴᠢᠳ ᠤᠨ ᠳᠠᠷᠤᠭ᠎ᠠ ᠢᠦᠢ ᠴᠢᠤᠸᠠᠨ ᠣᠪᠣᠷ ᠢᠶᠠᠨ ᠢᠯᠡᠳᠬᠡᠬᠦ ᠶᠠᠷᠢᠶ᠎ᠠ ᠳᠠᠯᠪᠢᠪᠠ᠃        ᠬᠤᠷᠠᠯ ᠠᠴᠠ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ ᠬᠠᠮᠳᠤᠷᠠᠯ ᠤᠨ ᠬᠦᠴᠦᠨ ᠢ ᠨᠢᠭᠲᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠢᠳᠡᠪᠬᠢᠳᠠᠢ ᠬᠠᠮᠵᠢᠯᠴᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠤᠬᠠᠭᠤᠯᠤᠨ ᠬᠥᠲᠥᠯᠥᠨ ᠵᠢᠯᠣᠭᠤᠳᠬᠤ ᠶᠢ ᠰᠠᠶᠢᠲᠤᠷ ᠠᠳᠬᠤᠨ᠂ ᠴᠡᠴᠡᠭᠯᠡᠯ ᠮᠠᠯᠵᠢᠯ ᠤᠨ ᠲᠤᠰᠬᠠᠶ ᠬᠤᠷᠰᠢᠶᠠᠵᠢᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ ᠬᠡᠷᠡᠭᠲᠡᠶ᠃ ᠢᠯᠡ ᠪᠠᠷ ᠠᠵᠢᠯᠯᠠᠬᠤ ᠶᠢ ᠪᠠᠷᠢᠮᠳᠠᠯᠠᠨ᠂ ᠮᠠᠯᠴᠢᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠴᠡᠴᠡᠭᠯᠡᠯ ᠮᠠᠯᠵᠢᠯ  ᠤᠨ ᠲᠤᠰᠬᠠᠶ ᠬᠤᠷᠰᠢᠶᠠᠵᠢᠯ ᠪᠠᠶᠢᠭᠤᠯᠤᠭᠳᠠᠬᠤ ᠶᠠᠪᠤᠳᠠᠯ ᠢᠶᠠᠷ ᠠᠵᠠ ᠲᠣᠬᠢᠶᠠᠯ ᠪᠣᠯᠭᠠᠵᠤ᠂ ᠮᠠᠯᠵᠢᠬᠤ ᠣᠷᠣᠨ ᠤ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠨ ᠤᠷᠲᠤᠳᠬᠠᠵᠤ᠂ ᠪᠥᠬᠦ ᠬᠤᠰᠢᠭᠤᠨ ᠤ ᠮᠠᠯᠵᠢᠬᠤ ᠣᠷᠣᠨ ᠤ ᠥᠭᠡᠷᠡᠴᠢᠯᠡᠯᠲᠡ ᠶᠢᠨ ᠠᠵᠢᠯ ᠳᠤ ᠲᠤᠷᠰᠢᠯᠭ᠎ᠠ ᠬᠤᠷᠠᠮᠳᠤᠭᠤᠯᠵᠤ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠰᠡᠨ ᠪᠠᠶᠢᠨ᠎ᠠ᠃
       ᠦᠨᠦ ᠵᠢᠯ ᠳᠤ ᠮᠠᠨ ᠤ ᠬᠤᠰᠢᠭᠤ 18 ᠬᠤᠷᠰᠢᠶᠠᠵᠢᠯ ᠪᠠᠶᠢᠭᠤᠯᠬᠤ ᠪᠠᠷ ᠲᠥᠯᠥᠪᠯᠡᠵᠦ ᠪᠤᠢ᠂ ᠡᠭᠦᠨ ᠳᠤ ᠮᠠᠨ ᠤ ᠬᠤᠰᠢᠭᠤᠨ ᠤ ᠬᠡᠷᠦᠯᠦᠨ ᠰᠤᠮᠤ ᠶᠢᠨ ᠮᠠᠩᠯᠠᠢ ᠮᠠᠯᠵᠢᠯ ᠤᠨ ᠲᠤᠰᠬᠠᠶ ᠬᠤᠷᠰᠢᠶᠠᠵᠢᠯ ᠪᠠᠶᠢᠭᠤᠯᠤᠭᠳᠠᠭᠰᠠᠨ ᠢ ᠭᠠᠷᠭᠠᠪᠠᠯ᠂ ᠬᠡᠷᠦᠯᠦᠨ ᠰᠤᠮᠤ ᠦᠨᠦ ᠵᠢᠯ ᠳᠤ ᠪᠠᠰᠠ 5 ᠮᠠᠯᠵᠢᠯ ᠤᠨ ᠲᠤᠰᠬᠠᠶ ᠬᠤᠷᠰᠢᠶᠠᠵᠢᠯ ᠪᠠᠶᠢᠭᠤᠯᠬᠤ ᠪᠠᠷ ᠲᠥᠯᠥᠪᠯᠡᠵᠦ ᠪᠤᠢ᠃                                 ᠤᠷᠴᠢᠭᠤᠯᠤᠭᠴᠢ᠄ ᠴᠡᠴᠡᠭ    
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号