ᠬᠤᠰᠢᠭᠤᠨ ᠤ ᠤᠳᠤᠷᠢᠳᠤᠯᠭ᠎ᠠ ᠠᠷᠤᠬᠠᠰᠢᠶᠠᠲᠤ ᠪᠠᠯᠭᠠᠰᠤᠨ ᠳᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/4/3
       4 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠢᠨ ᠼᠠᠩ ᠳᠠᠭᠠᠭᠠᠴᠢᠯᠠᠭᠰᠠᠨ ᠰᠤᠮᠤ ᠠᠷᠤᠬᠠᠰᠢᠶᠠᠲᠤ ᠪᠠᠯᠭᠠᠰᠤᠨ ᠳᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠠᠵᠢᠯ ᠢ ᠪᠠᠶᠢᠴᠠᠭᠠᠨ ᠵᠢᠯᠣᠭᠤᠳᠪᠠ᠃
       ᠠᠷᠤᠬᠠᠰᠢᠶᠠᠲᠤ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠶᠢ ᠪᠥᠬᠦ ᠲᠠᠯ᠎ᠠ ᠪᠠᠷ ᠪᠠᠶᠢᠳᠡᠯ ᠢ ᠣᠶᠢᠯᠠᠭᠠᠨ ᠵᠢᠭᠰᠠᠭᠠᠨ ᠪᠠᠶᠢᠴᠠᠭᠠᠵᠤ ᠬᠢᠨᠠᠨ ᠬᠠᠷᠭᠤᠭᠤᠯᠵᠤ ᠰᠤᠳᠤᠯᠤᠨ ᠮᠠᠭᠠᠳᠯᠠᠬᠤ ᠬᠤᠷᠠᠯ ᠳᠡᠭᠡᠷ᠎ᠡ ᠶᠢᠨ ᠼᠠᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠶᠢ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠪᠣᠯ ᠳᠡᠭᠡᠳᠦ ᠱᠠᠲᠤᠨ ᠠᠴᠠ ᠳᠣᠭᠢᠷᠠᠭᠤᠯᠤᠨ ᠪᠠᠶᠢᠷᠢᠯᠠᠭᠤᠯᠤᠭᠰᠠᠨ ᠴᠢᠬᠤᠯᠠ ᠠᠵᠢᠯ ᠪᠣᠯᠤᠨ᠎ᠠ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠪᠠᠷ ᠳᠠᠮᠵᠢᠨ᠂ ᠦᠨᠳᠦᠰᠦᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠠᠰᠠᠭᠤᠳᠠᠯ ᠢ ᠡᠷᠢᠵᠦ ᠣᠯᠵᠤ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠰᠤᠮᠤ ᠪᠠᠯᠭᠠᠰᠤ ᠪᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠭᠤᠯᠭ᠎ᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠴᠠᠭ᠎ᠠ ᠨᠡᠶᠢᠭᠡᠮ ᠲᠣᠭᠤᠷᠢᠭ᠂ ᠡᠷᠦᠬᠡ᠂ ᠬᠥᠮᠦᠨ ᠪᠠ ᠵᠦᠢᠯ ᠳᠠᠷᠠᠭᠠᠯᠠᠨ ᠬᠢᠨᠠᠨ ᠬᠠᠷᠭᠤᠭᠤᠯᠵᠤ ᠵᠢᠭᠰᠠᠭᠠᠨ ᠪᠠᠶᠢᠴᠠᠭᠠᠵᠤ᠂ ᠮᠡᠳᠡᠭᠡ ᠵᠠᠩᠭᠢ ᠶᠢ ᠣᠨᠣᠪᠴᠢᠲᠠᠢ ᠬᠢᠨᠠᠨ ᠬᠠᠷᠭᠤᠭᠤᠯᠵᠤ᠂ ᠠᠰᠠᠭᠤᠳᠠᠯ ᠢ ᠲᠤᠶᠢᠯᠪᠤᠷᠢᠲᠠᠢ ᠢᠯᠡᠷᠡᠭᠦᠯᠵᠦ᠂ ᠣᠨᠣᠪᠴᠢᠲᠠᠢ ᠬᠢᠨᠠᠨ ᠬᠠᠷᠭᠤᠭᠤᠯᠵᠤ ᠰᠤᠳᠤᠯᠤᠨ ᠮᠠᠭᠠᠳᠯᠠᠵᠤ᠂ 2020 ᠣᠨ ᠳᠤ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠳᠠᠶᠢᠯᠠᠯᠳᠤᠭᠠᠨ ᠤ ᠪᠥᠬᠦ ᠲᠠᠯ᠎ᠠ ᠪᠠᠷ ᠰᠡᠭᠦᠯ ᠬᠤᠷᠢᠶᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠪᠡ᠃
        ᠶᠢᠨ ᠼᠠᠩ ᠱᠠᠭᠠᠷᠳᠠᠬᠤ ᠳᠠᠭᠠᠨ᠂ ᠶᠠᠳᠠᠭᠤ ᠶᠢ ᠲᠡᠳᠬᠦᠬᠦ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠬᠠᠪᠰᠤᠷᠤᠨ ᠲᠡᠳᠬᠦᠬᠦ ᠬᠠᠷᠢᠭᠤᠴᠠᠯᠭᠠᠲᠠᠨ ︽ᠢᠲᠡᠭᠡᠯ ᠵᠣᠷᠢᠭ ᠣᠶᠤᠨ ᠤᠬᠠᠭᠠᠨ ᠬᠤᠶᠠᠷ ᠢ ᠲᠡᠳᠬᠦᠬᠦ︾ ᠳᠡᠭᠡᠷ᠎ᠡ ᠬᠦᠴᠦ ᠲᠠᠯᠪᠢᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠦᠳᠡᠯᠭᠡᠭᠴᠢ ᠬᠦᠴᠦᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠤᠶᠢᠨᠡᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠡᠷᠦᠬᠡ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠪᠠ ᠤᠬᠠᠭᠤᠯᠭ᠎ᠠ ᠶᠢᠨ ᠡᠷᠴᠢᠮ ᠢ ᠪᠥᠬᠦ ᠲᠠᠯ᠎ᠠ ᠪᠠᠷ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠰᠡᠵᠢᠭ ᠲᠥᠭᠡᠷᠢᠭᠳᠡᠯ ᠢ ᠴᠠᠭ ᠲᠤᠬᠠᠶ ᠳᠤᠨᠢ ᠰᠢᠢᠳᠪᠦᠷᠢᠯᠡᠵᠦ ᠥᠭᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠵᠦᠢᠯ ᠵᠤᠷᠪᠤᠰ ᠳᠠᠷᠠᠭᠠᠯᠠᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠡᠮᠦᠨᠡᠬᠢ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
        ᠶᠢᠨ ᠼᠠᠩ ᠪᠠᠰᠠ ᠪᠦᠯᠬᠦᠮᠳᠡᠯ ᠭᠠᠴᠠᠭᠠᠨ ᠤ ᠦᠬᠡᠷ ᠲᠡᠵᠢᠭᠡᠬᠦ ᠰᠠᠭᠤᠷᠢᠨ ᠭᠠᠵᠠᠷ ᠲᠤ ᠬᠦᠷᠴᠦ᠂ ᠰᠠᠭᠤᠷᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠰᠠᠭᠤᠷᠢᠨ ᠭᠠᠵᠠᠷ ᠤᠨ ᠦᠬᠡᠷᠴᠢᠨ ᠤ ᠠᠵᠢᠯ ᠢ ᠬᠢᠵᠦ ᠪᠠᠶᠢᠭ᠎ᠠ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠡᠷᠳᠡᠨᠢᠬᠦᠦ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠢᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃                                               ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号