ᠨᠠᠷᠠᠰᠦ ᠴᠠᠭ ᠠᠭᠤᠷ ᠤᠨ ᠳᠤᠪᠴᠢᠶ᠎ᠠ ᠳᠤ ᠬᠦᠨᠵᠡᠭᠡᠶᠢᠷᠡᠨ ᠴᠠᠭ ᠠᠭᠤᠷ ᠤᠨ ᠦᠢᠯᠡᠴᠢᠯᠡᠭᠡᠨ ᠤ ᠪᠠᠳᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2020/4/30
        4 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠨᠠᠷᠠᠰᠦ ᠬᠤᠰᠢᠭᠤᠨ ᠤ ᠴᠠᠭ ᠠᠭᠤᠷ ᠤᠨ ᠳᠤᠪᠴᠢᠶ᠎ᠠ ᠳᠤ ᠬᠦᠨᠵᠡᠭᠡᠶᠢᠷᠡᠨ᠂ ᠳᠤᠪᠴᠢᠶᠠᠨ ᠤ ᠠᠵᠢᠯᠳᠠᠳ ᠢ ᠪᠤᠯᠭᠤᠭᠠᠨ ᠳᠤᠬᠤᠨᠢᠭᠤᠯᠬᠤ ᠶᠢᠨ ᠬᠠᠮᠳᠦ᠂ ᠤᠳᠤᠬᠠᠨ ᠤ ᠴᠠᠭ ᠠᠭᠤᠷ ᠤᠨ ᠦᠢᠯᠡᠴᠢᠯᠡᠭᠡᠨ ᠤ ᠪᠠᠶᠢᠳᠠᠯ ᠵᠢᠴᠢ ᠢᠷᠡᠭᠡᠳᠦᠢ ᠶᠢᠨ ᠴᠠᠭ ᠠᠭᠤᠷ ᠤᠨ ᠬᠠᠨᠳᠤᠰᠢ ᠶᠢ ᠨᠠᠷᠢᠯᠢᠭ ᠤᠶᠢᠯᠠᠭᠠᠵᠦ᠂ ᠷᠠᠳᠠᠷ ᠤᠨ ᠵᠢᠷᠤᠭ᠂ ᠳᠠᠭᠠᠭᠤᠯᠢ ᠤᠳᠤᠨ ᠤ ᠡᠬᠦᠯᠡᠨ ᠵᠢᠷᠤᠭ᠂ ᠳᠤᠨᠤᠳᠠᠰᠦᠨ ᠤ ᠳᠠᠷᠬᠠᠯᠳᠠ ᠶᠢᠨ ᠵᠢᠷᠤᠭ ᠵᠡᠷᠭᠡ ᠪᠤᠳᠠᠳᠦ ᠴᠠᠭ ᠤᠨ ᠴᠠᠭ ᠠᠭᠤᠷ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠳᠡᠭᠡᠨ ᠳᠡᠷᠡ᠂ ᠴᠠᠭ ᠠᠭᠤᠷ ᠤᠨ ᠰᠠᠯᠠᠭ᠎ᠠ ᠮᠦᠴᠢᠷ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠶᠡᠭᠡ ᠳᠠᠯ᠎ᠠ ᠶᠢᠨ ᠳᠤᠭᠤᠷᠢᠨ ᠳᠤ᠂ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠦᠨᠦᠬᠡᠯ ᠠᠴᠠ ᠵᠠᠶᠢᠯᠠᠬᠤ᠂ ᠠᠷᠠᠳ ᠲᠦᠮᠡᠨ ᠳᠤ ᠪᠤᠶᠠᠨ ᠦᠯᠡᠳᠬᠦ ᠶᠢ ᠪᠠᠷᠢᠮᠳᠠᠯᠠᠵᠦ᠂ ᠬᠢᠨᠠᠨ ᠬᠡᠮᠵᠢᠬᠦ ᠴᠢᠳᠠᠪᠦᠷᠢ ᠪᠤᠯᠤᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠬᠦᠯᠦᠨ᠂ ᠭᠠᠮᠰᠢᠭᠳᠦ ᠴᠠᠭ ᠠᠭᠤᠷ ᠢ ᠤᠷᠢᠳᠴᠢᠯᠠᠨ ᠰᠡᠷᠡᠮᠵᠢᠯᠡᠬᠦᠯᠵᠦ ᠤᠷᠢᠳᠴᠢᠯᠠᠨ ᠮᠡᠳᠡᠬᠦᠯᠬᠦ ᠰᠤᠷᠠᠭ ᠵᠠᠩᠬᠢ ᠶᠢ ᠳᠠᠷᠬᠠᠭᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠦᠷ ᠬᠢᠵᠦ᠂ ᠲᠠᠷᠢᠶᠠᠯᠠᠩ ᠮᠠᠯ ᠠᠵᠦ ᠠᠬᠤᠢ ᠶᠢᠨ ᠰᠠᠯᠠᠭ᠎ᠠ ᠮᠦᠴᠢᠷ ᠵᠢᠴᠢ ᠦᠷᠭᠡᠨ ᠤᠯᠠᠨ ᠮᠠᠯᠴᠢᠳ ᠢ ᠴᠠᠭ ᠲᠤᠬᠠᠢ  ᠳᠤᠨᠢ ᠰᠠᠨᠠᠭᠤᠯᠤᠨ ᠮᠠᠯᠵᠢᠬᠤ ᠦᠢᠯᠡᠳᠪᠦᠷᠢᠯᠡᠯ ᠤᠨ ᠠᠵᠢᠯᠯᠠᠭ᠎ᠠ ᠪᠠᠨ ᠵᠦᠢ ᠵᠤᠬᠢᠰᠳᠠᠢ ᠰᠠᠶᠢᠳᠦᠷ ᠳᠤᠬᠢᠷᠠᠭᠤᠯᠵᠦ᠂ ᠬᠤᠰᠢᠭᠤᠨ ᠤ ᠨᠠᠮ ᠵᠠᠰᠠᠭ ᠤᠨ ᠰᠢᠢᠳᠪᠦᠷᠢ ᠲᠤᠭᠳᠠᠭᠠᠬᠤ ᠳᠤ ᠰᠢᠨᠵᠢᠯᠡᠬᠦ ᠤᠬᠠᠭᠠᠨᠴᠢ ᠪᠠᠷᠢᠮᠳᠠ ᠬᠠᠩᠭᠠᠵᠦ ᠦᠭᠪᠡ ᠭᠡᠵᠡᠢ᠃
       ᠨᠠᠷᠠᠰᠦ ᠪᠠᠰᠠ᠂ ᠴᠠᠭ ᠠᠭᠤᠷ ᠤᠨ ᠬᠤᠪᠢᠷᠠᠯᠳᠠ ᠪᠤᠯᠤᠨ ᠬᠤᠷ᠎ᠠ ᠳᠤᠨᠤᠳᠠᠰᠦᠨ ᠤ ᠪᠠᠶᠢᠳᠠᠯ ᠢ ᠴᠢᠩᠭ᠎ᠠ ᠨᠢᠠᠠᠳᠠ ᠬᠢᠨᠠᠨ ᠬᠡᠮᠵᠢᠵᠦ᠂ ᠪᠤᠷᠤᠭᠠᠨ ᠨᠡᠮᠡᠵᠦ ᠤᠷᠤᠭᠤᠯᠬᠤ ᠠᠵᠢᠯ ᠤᠨ ᠪᠡᠯᠡᠳᠭᠡᠯ ᠢ ᠨᠠᠷᠢᠨ ᠬᠢᠨᠠᠮᠠᠭᠠᠢ ᠰᠠᠶᠢᠳᠦᠷ ᠬᠢᠵᠦ᠂ ᠠᠰᠢᠭᠳᠠᠢ ᠴᠠᠭ ᠲᠤᠬᠢᠶᠠᠯ ᠢ ᠠᠰᠢᠭᠯᠠᠨ᠂ ᠬᠦᠮᠦᠨ ᠤ ᠬᠦᠴᠦ ᠪᠠᠷ ᠪᠤᠷᠤᠭᠠᠨ ᠨᠡᠮᠡᠵᠦ ᠤᠷᠤᠭᠤᠯᠬᠤ ᠠᠵᠢᠯ ᠢ ᠵᠤᠬᠢᠰᠳᠠᠢ ᠦᠷᠨᠢᠬᠦᠯᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢᠶᠠᠨ ᠵᠤᠬᠢᠰᠳᠠᠢ ᠳᠤᠬᠢᠷᠠᠭᠤᠯᠬᠤ᠂ ᠭᠠᠮᠰᠢᠭ  ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠳᠤ ᠴᠠᠭ ᠠᠭᠤᠷ ᠤᠨ ᠪᠠᠳᠤᠯᠠᠭ᠎ᠠ ᠬᠠᠩᠭᠠᠵᠦ᠂ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠳᠠᠢ ᠬᠦᠭᠵᠢᠯᠳᠡ ᠳᠤ ᠬᠦᠴᠦᠨ ᠨᠡᠮᠡᠷᠢᠯᠡᠬᠦ ᠭᠡᠷᠡᠭᠳᠡᠢ ᠭᠡᠵᠦ ᠴᠢᠬᠤᠯᠠᠴᠢᠯᠠᠪᠠ᠃                   ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号