ᠪᠦᠬᠡᠪᠠᠶᠠᠷ ᠳᠠᠯᠠᠢ ᠰᠤᠮᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/5/12
       5 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠬᠡᠪᠠᠶᠠᠷ ᠲᠡᠯᠡᠶ ᠰᠤᠮᠤᠨ ᠳᠤ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠪᠠ᠃
       ᠪᠦᠬᠡᠪᠠᠶᠠᠷ ᠤᠷᠢᠳ ᠬᠤᠵᠢᠳ ᠳᠠᠯᠠᠢ ᠰᠤᠮᠤ ᠶᠢᠨ ᠷᠠᠰᠢᠶᠠᠠᠪᠤᠯᠠᠭ ᠭᠠᠴᠠᠭ᠎ᠠ ᠶᠢᠨ ᠪᠠᠭᠠᠳᠤᠷᠰᠦ᠋ᠷᠦᠩ᠂ ᠳᠠᠪᠰᠢᠯᠳᠦ ᠪᠣᠯᠤᠨ ᠪᠠᠶᠠᠠᠪᠤᠯᠠᠭ ᠭᠠᠴᠠᠭ᠎ᠠ ᠶᠢᠨ ᠪᠤᠳᠢᠰᠦ᠋ᠷᠦᠩ ᠤᠨ ᠭᠡᠷ ᠲᠤ ᠬᠦᠷᠴᠦ᠂ ᠶᠠᠳᠠᠭᠤ ᠬᠦᠴᠢᠷᠳᠡᠯᠲᠡᠶ ᠡᠷᠦᠬᠡ ᠲᠠᠢ ᠨᠢᠭᠤᠷᠳᠠᠵᠦ ᠪᠠᠶᠢᠭᠠᠳ ︽ᠣᠷᠣᠯᠭ᠎ᠠ ᠶᠢᠨ ᠲᠠᠩᠰᠠ︾ ᠪᠤᠳᠤᠵᠦ᠂ ︽ᠲᠣᠳᠣᠷᠬᠠᠶ ᠺᠠᠷᠲ︾ ᠢ ᠬᠠᠷᠭᠤᠭᠤᠯᠤᠨ᠂ ᠲᠡᠳᠡᠨ ᠤ ᠬᠡᠷ ᠪᠦᠯᠢ ᠶᠢᠨ ᠪᠠᠶᠢᠳᠠᠯ᠂ ᠶᠠᠳᠠᠭᠤᠷᠠᠭᠰᠠᠨ ᠰᠢᠯᠲᠠᠭᠠᠨ᠂ ᠡᠷᠡᠬᠦᠯ ᠴᠢᠬᠢᠷᠠᠭ ᠤᠨ ᠪᠠᠶᠢᠳᠠᠯ᠂ ᠬᠦᠷᠲᠡᠵᠦ ᠪᠠᠶᠢᠭ᠎ᠠ ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠵᠢᠴᠢ ᠨᠠᠶᠢᠳᠠᠪᠦᠷᠢᠵᠢᠭᠤᠯᠤᠭᠰᠠᠨ ᠪᠠᠶᠢᠳᠠᠯ᠂ ᠠᠯᠢ ᠵᠢᠯ ᠶᠠᠳᠠᠭᠤ ᠠᠴᠠ ᠠᠩᠭᠢᠵᠢᠷᠠᠭᠰᠠᠨ᠂ ᠠᠮᠢᠳᠤᠷᠠᠯ ᠤᠨ ᠬᠦᠴᠢᠷᠳᠡᠯ ᠪᠠ ᠠᠰᠠᠭᠤᠳᠠᠯ ᠵᠢᠴᠢ ᠬᠠᠪᠰᠤᠷᠤᠨ ᠲᠡᠳᠬᠦᠬᠦ ᠠᠵᠢᠯ ᠳᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠶᠢ ᠬᠠᠯᠠᠮᠵᠢᠯᠠᠨ ᠠᠰᠠᠭᠤᠪᠠ᠃
       ᠪᠦᠬᠡᠪᠠᠶᠠᠷ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠳᠠᠶᠢᠯᠠᠯᠳᠤᠭᠠᠨ ᠨᠢ ᠡᠴᠦᠰ ᠤᠨ ᠰᠢᠢᠳᠪᠦᠷᠢᠳᠦ ᠳᠠᠶᠢᠯᠠᠯᠳᠤᠭᠠᠨ ᠬᠢᠬᠦ ᠵᠠᠩᠭᠢᠯᠠᠭ᠎ᠠ ᠶᠢᠨ ᠴᠠᠭ ᠦᠶ᠎ᠡ ᠳᠤ ᠪᠠᠨ ᠤᠷᠤᠭᠠᠳ ᠪᠤᠢ᠂ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ ᠬᠤᠶᠢᠷᠭᠤᠰᠢᠬᠤ ᠦᠭᠡᠢ ᠪᠠᠶᠢᠵᠤ᠂ ᠶᠡᠭᠡ ᠬᠦᠴᠦ ᠭᠠᠷᠭᠠᠨ᠂ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠢ ᠬᠢᠵᠦ᠂ ᠯᠠᠪᠳᠠᠭᠤᠨ ᠪᠠᠲᠤᠲᠠᠢ ᠬᠢᠵᠦ᠂ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠲᠣᠳᠣᠷᠬᠠᠢ ᠺᠠᠷᠲ ᠢ ᠢᠳᠡᠪᠬᠢᠳᠠᠢ ᠲᠡᠭᠦᠯᠳᠡᠷᠵᠢᠭᠦᠯᠵᠦ᠂ ᠳᠠᠩᠰᠠ ᠡᠪᠬᠡᠮᠡᠯ ᠤᠨ ᠮᠠᠲ᠋ᠧᠷᠢᠶᠠᠯ ᠨᠢ ᠲᠣᠳᠣᠷᠬᠠᠢ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠨᠢ ᠦᠨᠳᠦᠰᠦᠯᠡᠯ ᠲᠠᠢ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠨᠢ ᠭᠡᠷᠡᠴᠢ ᠪᠠᠷᠢᠮᠲᠠ ᠲᠠᠢ ᠪᠠᠶᠢᠬᠤ ᠶᠢ ᠦᠨᠡᠨ ᠬᠦ ᠪᠡᠶᠡᠯᠡᠬᠦᠯᠦᠨ᠎ᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠶᠢ ᠶᠠᠳᠠᠭᠤ ᠬᠦᠴᠢᠷᠳᠡᠯᠲᠡᠶ ᠡᠷᠦᠬᠡ ᠶᠢᠨ ᠰᠡᠳᠬᠢᠯ ᠳᠤ ᠨᠢ ᠳᠤᠯᠳᠠᠯ᠎ᠠ ᠬᠦᠷᠭᠡᠵᠦ᠂ ᠶᠠᠳᠠᠭᠤ ᠬᠦᠴᠢᠷᠳᠡᠯᠲᠡᠶ ᠡᠷᠦᠬᠡ ᠳᠤ ᠠᠯᠢ ᠲᠠᠯ᠎ᠠ   ᠶᠢᠨ ᠠᠰᠢᠭ ᠬᠦᠷᠲᠡᠭᠡᠵᠦ ᠪᠠᠶᠢᠬᠤ᠂ ᠠᠰᠢᠭ ᠨᠢ ᠬᠠᠮᠢᠭ᠎ᠠ ᠠᠴᠠ ᠢᠷᠡᠯᠳᠡᠢ ᠵᠡᠷᠭᠡ ᠶᠢ ᠤᠶᠢᠯᠠᠭᠠᠭᠤᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠦᠪᠡᠷ ᠤᠨ ᠬᠤᠶᠠᠷ ᠭᠠᠷ ᠢᠶᠠᠷ ᠢᠶᠠᠨ ᠨᠠᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠵᠤᠷᠢᠭᠵᠢᠭᠤᠯᠤᠨ᠎ᠠ᠃ ᠣᠳᠣᠬᠠᠨ ᠤ ᠣᠯᠤᠭᠰᠠᠨ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠨᠡᠩ ᠯᠠᠪᠳᠠᠭᠤᠨ ᠪᠠᠲᠤᠲᠠᠢ ᠪᠠᠷ ᠪᠠᠬᠢᠵᠢᠬᠦᠯᠵᠤ᠂ ᠤᠯᠠᠨ ᠲᠦᠮᠡᠨ ᠢ ᠦᠨᠡᠨ ᠬᠦ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠦᠨ᠂ ᠣᠷᠣᠯᠭ᠎ᠠ ᠶᠢ ᠨᠢ ᠦᠷᠬᠦᠯᠵᠢᠯᠡᠨ ᠨᠡᠮᠡᠭᠳᠡᠭᠦᠯᠵᠦ᠂ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃                       ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号