ᠮᠡᠬᠡᠯᠡᠯ ᠢ ᠰᠡᠷᠭᠡᠶᠢᠯᠡᠬᠦ ᠵᠦᠭᠯᠡᠭᠦᠷ
ᠨᠡᠶᠢᠲᠡᠯᠡᠭᠰᠡᠨ ᠴᠠᠭ᠄
2020/5/12
      1. ᠵᠢᠩᠬᠢᠨᠢ ᠰᠦᠯᠵᠢᠶᠡᠨ ᠥᠷᠲᠡᠭᠡ ᠳᠤ ᠭᠠᠷᠬᠤ ᠬᠡᠷᠡᠭᠲᠡᠢ᠃ ᠵᠢᠱᠢᠶᠡᠯᠡᠪᠡᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ᠂ ᠶᠡᠭᠡ ᠳᠡᠭᠡᠳᠦ ᠰᠤᠷᠭᠠᠭᠤᠯᠢ ᠶᠢᠨ ᠬᠠᠩᠭᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠵᠢᠴᠢ ᠨᠡᠷᠡᠲᠡᠶ ᠠᠵᠢᠯᠲᠠᠨ ᠤᠷᠢᠬᠤ ᠦᠢᠯᠡᠴᠢᠯᠡᠭᠡᠨ ᠤ ᠠᠵᠤ ᠠᠬᠤᠶᠢᠯᠠᠯ ᠤᠨ ᠰᠦᠯᠵᠢᠶᠡᠨ ᠥᠷᠲᠡᠭᠡ ᠵᠡᠷᠭᠡ︔       2. ᠥᠪᠡᠷ ᠤᠨ ᠬᠤᠪᠢ ᠶᠢᠨ ᠨᠢᠭᠤᠴᠠ ᠪᠠᠨ ᠬᠠᠮᠠᠭᠠᠯᠠᠬᠤ ᠶᠢ ᠠᠩᠬᠠᠷᠤᠭᠠᠷᠠᠢ᠃ ᠦᠪᠡᠷ ᠤᠨ ᠪᠡᠶ᠎ᠡ ᠶᠢᠨ ᠦᠨᠡᠮᠯᠡᠯ ᠤᠨ ᠨᠣᠮᠧᠷ᠂ ᠢᠲᠡᠭᠡᠮᠵᠢ ᠶᠢᠨ ᠺᠠᠷᠲ ᠤᠨ ᠨᠣᠮᠧᠷ ᠵᠡᠷᠭᠡ ᠵᠠᠷᠢᠮ ᠬᠤᠪᠢ ᠬᠥᠮᠦᠨ ᠤ ᠴᠢᠬᠤᠯᠠ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ ᠳᠤᠷ᠎ᠠ ᠪᠠᠷ ᠢᠶᠠᠨ ᠳᠠᠮᠵᠢᠭᠤᠯᠵᠣ ᠪᠣᠯᠬᠤ ᠥᠬᠡᠶ︔       3. ᠠᠵᠤ ᠠᠬᠤᠶᠢᠯᠠᠯ ᠤᠨ ᠢᠲᠡᠭᠡᠮᠵᠢ ᠶᠢ ᠠᠩᠬᠠᠷᠤᠭᠠᠷᠠᠢ᠃ ᠲᠣᠪᠴᠢ ᠨᠠᠮᠲᠠᠷ ᠢᠶᠠᠨ ᠳᠠᠮᠵᠢᠭᠤᠯᠬᠤ ᠠᠴᠠ ᠡᠮᠦᠨ᠎ᠡ᠂ ᠤᠷᠢᠳᠠᠪᠠᠷ ᠠᠵᠤ ᠠᠬᠤᠶᠢᠯᠠᠯ ᠤᠨ ᠢᠲᠡᠭᠡᠮᠵᠢ ᠶᠢᠨ ᠰᠦᠯᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠬᠢᠷᠢ ᠬᠡᠮ ᠢ ᠪᠠᠶᠢᠴᠠᠭᠠᠨ ᠦᠵᠡᠵᠦ᠂ ᠠᠵᠢᠯᠲᠠᠨ ᠡᠯᠰᠡᠬᠦ ᠨᠢᠭᠡᠴᠡ ᠶᠢᠨ ᠵᠢᠩᠬᠢᠨᠢ ᠪᠥᠭᠡᠳ ᠬᠠᠤᠯᠢ ᠳᠤ ᠨᠡᠶᠢᠴᠡᠭᠰᠡᠨ ᠪᠠᠶᠢᠬᠤ ᠶᠢ ᠦᠨᠡᠨ ᠬᠦ ᠪᠠᠲᠤᠯᠠᠨ᠎ᠠ︔       4. ︽ᠬᠠᠷᠠᠯᠲᠠ︾ ᠪᠠᠨ ᠣᠨᠣᠪᠴᠢᠲᠠᠶ ᠰᠣᠩᠭᠤᠭᠰᠠᠨ ᠤ ᠳᠠᠷᠠᠭ᠎ᠠ ᠲᠣᠪᠴᠢ ᠨᠠᠮᠲᠠᠷ ᠢᠶᠠᠨ ᠳᠠᠮᠵᠢᠭᠤᠯᠣᠨ᠎ᠠ᠃ ᠥᠪᠡᠷ ᠤᠨ ᠲᠣᠪᠴᠢ ᠨᠠᠮᠲᠠᠷ ᠢᠶᠠᠨ ᠰᠣᠬᠤᠷ ᠪᠠᠯᠠᠶ ᠪᠠᠷ ᠳᠠᠮᠵᠢᠭᠤᠯᠵᠣ ᠪᠣᠯᠬᠤ ᠦᠭᠡᠶ᠂ ᠰᠣᠩᠭᠤᠯᠲᠠ ᠲᠠᠢ᠂ ᠬᠢᠨᠠᠯᠲᠠ ᠲᠠᠢ ᠪᠠᠶᠢᠵᠣ᠂ ᠰᠣᠷᠣᠭᠰᠠᠨ ᠲᠤᠰᠬᠠᠶ ᠮᠡᠷᠭᠡᠵᠢᠯ᠂ ᠠᠵᠢᠯ ᠡᠷᠢᠬᠦ ᠬᠦᠰᠡᠯ ᠱᠠᠭᠠᠷᠳᠠᠯᠭ᠎ᠠ ᠪᠠᠨ ᠦᠨᠳᠦᠰᠦᠯᠡᠨ᠂ ᠠᠵᠤ ᠠᠬᠤᠶᠢᠯᠠᠯ ᠢᠶᠠᠨ ᠣᠨᠣᠪᠴᠢᠲᠠᠶ ᠰᠣᠩᠭᠤᠭᠰᠠᠨ ᠤ ᠳᠠᠷᠠᠭ᠎ᠠ ᠰᠠᠶ᠋ᠢ ᠲᠣᠪᠴᠢ ᠨᠠᠮᠲᠠᠷ ᠢᠶᠠᠨ ᠳᠠᠮᠵᠢᠭᠤᠯᠬᠤ ᠬᠡᠷᠡᠭᠲᠡᠶ᠃       5. ᠬᠡᠷᠪᠡ ᠠᠵᠢᠯᠲᠠᠨ ᠡᠯᠰᠡᠬᠦ ᠨᠢᠭᠡᠴᠡ ᠬᠠᠮᠢᠶ᠎ᠠ ᠪᠦᠬᠦᠢ ᠣᠴᠢᠷ ᠰᠢᠯᠲᠠᠭᠠᠨ ᠢᠶᠠᠷ ᠰᠦᠢᠳᠬᠡᠯ ᠬᠤᠷᠢᠶᠠᠪᠠᠯ᠂ ᠶᠠᠮᠠᠷ ᠴᠤ ᠰᠦᠢᠳᠬᠡᠯ ᠲᠣᠰᠢᠶᠠᠵᠣ ᠪᠣᠯᠬᠤ ᠥᠬᠡᠶ ᠮᠦᠷᠲᠡᠭᠡᠨ ᠲᠣᠰ ᠨᠢᠭᠡᠴᠡ ᠶᠢ ᠰᠣᠩᠭᠤᠬᠤ ᠦᠭᠡᠢ ᠪᠣᠯ ᠵᠣᠬᠢᠨ᠎ᠠ᠃
 
ᠢᠷᠡᠯᠲᠡ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠣᠳᠣᠭᠠᠳᠣ ᠶᠢ ᠬᠠᠮᠠᠭᠠᠯᠠᠬᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号