2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2020/5/22
        — 2020 ᠣᠨ ᠤ 5 ᠰᠠᠷ᠎ᠠ ᠶᠢᠨ 20᠎ ᠤ ᠡᠳᠦᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ            ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ   ᠪᠦᠬᠡᠪᠠᠶᠠᠷᠲᠥᠯᠥᠭᠡᠯᠡᠭᠴᠢᠳ ᠡ᠄        ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃        ᠴᠠᠭᠠᠨ ᠰᠠᠷ᠎ᠠ ᠶᠢᠨ ᠡᠬᠢᠨ ᠳᠤ᠂ ᠨᠢᠭᠡ ᠤᠳᠠᠭᠠᠨ ᠤ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠳᠲᠡᠷ ᠲᠦᠷᠭᠡᠨ ᠳᠡᠯᠭᠡᠷᠡᠵᠦ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠦᠨᠳᠦ ᠨᠣᠴᠢᠲᠠᠶ ᠰᠦᠷᠳᠡᠭᠦᠯᠦᠯ ᠪᠣᠯᠪᠠ᠃ ᠡᠨᠡᠬᠦ ᠬᠢᠵᠢᠭ ᠤᠨ ᠪᠠᠶᠢᠳᠠᠯ ᠳᠤ ᠴᠢᠭᠯᠡᠬᠦᠯᠦᠨ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ᠂ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ︾ ᠭᠡᠬᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠵᠢᠴᠢ ᠦᠨᠳᠦᠰᠦᠲᠡᠨ ᠨᠦᠭᠦᠳ ᠤᠨ ᠣᠯᠠᠨ ᠲᠦᠮᠡᠨ ᠨᠢᠠᠠᠳᠠᠷᠠᠨ ᠪᠦᠯᠬᠦᠮᠳᠡᠵᠦ᠂ ᠣᠯᠠᠨ ᠲᠦᠮᠡᠨ ᠬᠦᠴᠦ ᠵᠣᠷᠢᠭ ᠨᠢᠭᠡᠳᠦᠨ᠂ ᠡᠷᠡᠰ ᠰᠢᠭᠤᠷᠬᠠᠶ ᠪᠠᠷ ᠠᠷᠭᠠᠴᠠᠵᠤ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠦᠨ᠂ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠢ ᠦᠳᠳᠡᠷ ᠲᠦᠷᠭᠡᠨ ᠪᠠᠶᠢᠭᠤᠯᠵᠤ᠂ ᠨᠢᠭᠡᠳᠦᠭᠡᠷ ᠳᠡᠰ ᠤᠨ ᠵᠢᠭᠠᠪᠦᠷᠢ ᠳᠠᠭᠠᠬᠤ ᠠᠵᠢᠯᠯᠠᠭ᠎ᠠ ᠶᠢ ᠡᠬᠢᠯᠡᠬᠦᠯᠦᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠠᠯᠢᠪᠠ ᠡᠬᠢ ᠪᠠᠶᠠᠯᠢᠭ ᠢ ᠴᠤᠭᠯᠠᠭᠤᠯᠤᠨ᠂ ᠰᠡᠷᠭᠡᠶᠢᠯᠡᠨ ᠡᠵᠡᠮᠳᠡᠬᠦ ᠡᠩᠨᠡᠭᠡ ᠶᠢ ᠴᠢᠩᠭᠠᠷᠠᠭᠤᠯᠤᠨ ᠳᠤᠬᠢᠷᠠᠭᠤᠯᠵᠦ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠤᠨ᠂ ᠡᠷᠳᠡᠮ ᠴᠢᠳᠠᠪᠤᠷᠢ ᠪᠠᠨ ᠴᠠᠭᠠᠷᠠᠭᠤᠯᠵᠦ᠂ ᠠᠷᠠᠳ ᠲᠦᠮᠡᠨ ᠤ ᠡᠷᠡᠭᠦᠯ ᠮᠡᠨᠳᠦ ᠶᠢ ᠰᠠᠬᠢᠨ ᠬᠠᠮᠠᠭᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠡᠵᠢᠭ ᠲᠠᠢ ᠡᠪᠡᠳᠴᠢᠨ ᠤ ᠵᠢᠱᠢᠶ᠎ᠡ ᠦᠬᠡᠢ᠂ ᠤᠨᠤᠰᠢᠯᠠᠭᠰᠠᠨ ᠡᠪᠡᠳᠴᠢᠨ ᠤ ᠵᠢᠱᠢᠶ᠎ᠡ ᠦᠭᠡᠢ ᠪᠠᠶᠢᠬᠤ ︽ᠬᠤᠤᠰ ᠢᠯᠠᠯᠲᠠ︾᠎ ᠶᠢ ᠪᠡᠶᠡᠯᠡᠭᠦᠯᠪᠠ᠃        ᠬᠢᠵᠢᠭ ᠤᠨ ᠪᠠᠶᠢᠳᠠᠯ ᠤᠨ ᠬᠦᠭᠵᠢᠯᠳᠡ ᠬᠤᠪᠢᠷᠠᠯᠲᠠ ᠶᠢ ᠳᠠᠭᠠᠯᠳᠤᠨ᠂ ᠪᠢᠳᠡ ᠠᠷᠭᠠᠴᠠᠬᠤ ᠠᠷᠭ᠎ᠠ ᠪᠣᠳᠣᠯᠭ᠎ᠠ ᠪᠠᠨ ᠴᠠᠭ ᠳᠤᠬᠠᠢ ᠳᠤᠨᠢ ᠲᠣᠬᠢᠷᠠᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠷᠭᠠᠴᠠᠬᠤ ᠴᠢᠳᠠᠪᠤᠷᠢ ᠠᠯᠬᠤᠮ ᠠᠯᠬᠤᠮ ᠢᠶᠠᠷ ᠳᠡᠬᠦᠯᠳᠡᠷᠵᠢᠨ᠂ ᠠᠵᠢᠯ ᠪᠠ ᠦᠢᠯᠡᠳᠪᠦᠷᠢᠯᠡᠯ ᠰᠡᠷᠭᠦᠭᠡᠵᠦ ᠰᠤᠷᠤᠯᠭ᠎ᠠ ᠰᠡᠷᠭᠦᠭᠡᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠭᠡᠵᠦ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠠᠯᠬᠤᠮ ᠠᠯᠬᠤᠮ ᠢᠶᠠᠷ ᠬᠡᠪ ᠤᠨ ᠪᠠᠶᠢᠳᠠᠯ ᠳᠠᠭᠠᠨ ᠣᠷᠣᠪᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠪᠦᠬᠦᠶᠢᠯᠡ ᠺᠠᠳ᠋ᠷ ᠠᠵᠢᠯᠲᠠᠨ ᠵᠢᠴᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠢᠵᠢᠭ ᠲᠠᠢ ᠬᠠᠮᠲᠤᠪᠠᠷ ᠳᠡᠮᠡᠴᠡᠭᠰᠡᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠨᠢᠭᠡ᠂ 2019 ᠣᠨ ᠤ ᠠᠵᠢᠯ ᠤᠨ ᠡᠷᠭᠢᠴᠡᠭᠦᠯᠦᠯ        2019 ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ ᠪᠤᠯᠤᠨ᠎ᠠ᠂ ᠮᠦᠨ ᠴᠦ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠶᠢᠨ ᠲᠡᠤᠬᠡᠨ ᠳᠡᠭᠡᠷᠡᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠤᠯᠤᠨ᠎ᠠ᠃ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠳᠠ ᠳᠡᠮᠵᠢᠯᠭᠡ ᠳᠣᠣᠷ᠎ᠠ᠂ ᠪᠢᠳᠡ ᠪᠦᠬᠦ ᠬᠤᠰᠢᠭᠤᠨ ᠤ ᠦᠨᠳᠦᠰᠦᠳᠡᠨ ᠎ ᠨᠦᠭᠦᠳ ᠤᠨ ᠠᠷᠠᠳ ᠲᠦᠮᠡᠨ ᠳᠤ ᠪᠠᠲᠤ ᠲᠦᠰᠢᠭᠯᠡᠨ ᠪᠦᠯᠬᠦᠮᠳᠡᠬᠦᠯᠦᠨ ᠳᠠᠭᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠤᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠨᠠᠷᠢᠨ ᠬᠢᠨᠠᠮᠠᠭᠠᠢ ᠲᠤᠤᠱᠯᠠᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠲᠤ ᠡᠵᠡᠮᠳᠡᠵᠦ᠂ ᠠᠵᠤ ᠠᠬᠤᠢ ᠲᠤᠷᠤᠭᠰᠢᠯᠠᠬᠤ ᠲᠠᠷᠤᠭᠠᠰᠦ ᠶᠢ ᠢᠳᠡᠪᠬᠢᠲᠡᠢ ᠠᠷᠭᠠᠴᠠᠨ᠂ ᠡᠷᠡᠮᠡᠬᠡᠶᠢᠯᠡᠨ ᠳᠠᠪᠰᠢᠵᠤ᠂ ᠬᠦᠴᠢᠷ ᠪᠡᠷᠬᠡ ᠶᠢ ᠢᠯᠠᠨ ᠳᠠᠪᠠᠵᠤ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃        ᠨᠢᠭᠡ ᠵᠢᠯ ᠤᠨ ᠲᠤᠷᠰᠢ᠂ ᠪᠢᠳᠡ ᠰᠢᠨᠵᠢᠯᠡᠬᠦ ᠤᠬᠠᠭᠠᠨᠴᠢ ᠪᠠᠷ ᠰᠢᠨ᠎ᠡ ᠶᠢ ᠡᠭᠦᠳᠬᠦ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠪᠠᠷᠢᠮᠳᠠᠯᠠᠨ᠂ ᠪᠥᠬᠦ ᠬᠦᠴᠦᠨ ᠢᠶᠠᠷ ᠢᠶᠠᠨ ᠬᠦᠴᠦ ᠪᠠᠨ ᠲᠥᠪᠯᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠪᠦᠲᠦᠴᠡ ᠨᠠᠩ ᠰᠢᠯᠢᠳᠡᠭᠵᠢᠪᠡ᠃ ᠤᠯᠤᠰ ᠠᠷᠠᠳ ᠤᠨ ᠠᠵᠤ ᠠᠬᠤᠶ ᠶᠢᠨ ᠬᠦᠢᠴᠡᠳᠭᠡᠬᠦ ᠲᠤᠭ᠎ᠠ ᠲᠣᠭᠲᠠᠭᠤᠨ ᠢᠶᠠᠷ ᠨᠡᠮᠡᠭᠳᠡᠪᠡ᠃ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ 3.7%᠎ ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 6.1%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ 3.4%᠎ ᠪᠠᠷ ᠨᠡᠮᠡᠭᠳᠡᠪᠡ᠃ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠲᠣᠰᠪᠣᠷᠢ 5.9%᠂ 10.2%᠎ ᠢᠶᠠᠷ ᠨᠡᠮᠡᠭᠳᠡᠪᠡ᠃ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠢᠵᠠᠭᠠᠷᠯᠠᠬᠤ ᠴᠢᠨᠠᠷᠲᠠᠶ ᠬᠦᠢᠴᠡᠳᠭᠡᠬᠦ ᠲᠤᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠪᠡ᠃ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠮᠠᠯᠵᠢᠬᠤ ᠣᠷᠣᠨ ᠤ ᠦᠢᠯᠡᠳᠪᠦᠷᠢᠯᠡᠯ ᠡᠵᠡᠩᠨᠡᠯᠲᠡ᠂ ᠠᠮᠢᠳᠤᠷᠠᠯ ᠤᠨ ᠠᠷᠭ᠎ᠠ ᠮᠠᠶ᠋ᠢᠭ᠂ ᠠᠮᠢ ᠠᠬᠤᠢ ᠶᠢᠨ ᠬᠠᠮᠠᠭᠠᠯᠠᠯᠳᠠ ᠪᠣᠯᠤᠨ ᠲᠠᠯ᠎ᠠ ᠨᠤᠲᠤᠭ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ︽ᠭᠤᠷᠪᠠ ᠶᠢᠨ ᠬᠠᠮᠲᠤ ᠶᠢᠨ ᠴᠣᠭᠴᠠ︾᠎ ᠶᠢ ᠵᠣᠬᠢᠴᠠᠩᠭᠤᠢ ᠬᠥᠭᠵᠢᠭᠦᠯᠬᠦ ᠰᠢᠨ᠎ᠡ ᠵᠠᠮ ᠢ ᠰᠦᠪᠡᠭᠴᠢᠯᠡᠵᠦ᠂ ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠰᠦᠯ︾ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠣᠬᠤᠯᠠᠪᠤᠷᠢ ᠶᠢ ᠣᠯᠵᠤ᠂ 2019 ᠤᠨ ᠤ ᠬᠥᠯᠥᠨ ᠪᠤᠶᠢᠷ ᠬᠤᠲᠠ ᠶᠢᠨ ︽ᠮᠠᠯᠴᠢᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾᠎ ᠢ ᠪᠡᠯᠭᠡᠯᠡᠬᠦ ᠵᠢᠴᠢ ᠮᠠᠯᠵᠢᠬᠤ ᠣᠷᠣᠨ ᠤ ᠤᠳᠤᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠡᠬᠢᠯᠡᠯᠲᠡ ᠶᠢᠨ ᠶᠣᠰᠣᠯᠠᠯ ᠢ ᠠᠮᠵᠢᠯᠳᠠ ᠲᠠᠢ ᠡᠷᠬᠢᠯᠡᠨ ᠬᠢᠪᠡ᠃ ᠬᠡᠷᠦᠯᠦᠨ ᠰᠤᠮᠤ ᠶᠢᠨ ᠮᠠᠩᠯᠠᠶ ᠭᠠᠴᠠᠭ᠎ᠠ ᠳᠤ ᠤᠷᠢᠳᠠᠪᠠᠷ ᠲᠤᠷᠰᠢᠯᠲᠠ ᠬᠢᠵᠦ᠂ ᠰᠢᠨ᠎ᠡ ᠬᠡᠯᠪᠡᠷᠢ ᠶᠢᠨ ᠬᠤᠪᠢ ᠤᠷᠤᠭᠤᠯᠤᠯᠳᠠ ᠶᠢᠨ ᠬᠤᠷᠰᠢᠶᠠᠵᠢᠯ ᠪᠠᠶᠢᠭᠤᠯᠤᠨ᠂ 87 ᠮᠠᠯᠴᠢᠨ ᠬᠤᠪᠢ ᠤᠷᠤᠵᠦ ᠬᠤᠷᠰᠢᠶᠠᠵᠢᠯ ᠤᠨ ᠪᠦᠷᠢᠯᠳᠦᠬᠦᠨ ᠪᠣᠯᠵᠣ᠂ ᠳᠥᠷᠪᠡᠨ ᠤᠯᠠᠷᠢᠯ ᠳᠤ ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ ᠶᠢ ᠭᠡᠷᠡᠭᠵᠢᠬᠦᠯᠦᠨ᠂ ᠮᠢᠬᠠᠨ ᠤ ᠵᠦᠢᠯ ᠢ ᠪᠣᠯᠪᠠᠰᠤᠷᠠᠭᠤᠯᠬᠤ ᠠᠵᠤ ᠠᠬᠤᠶᠢᠯᠠᠯ ᠯᠤᠭ᠎ᠠ ᠬᠤᠳᠠᠯᠳᠤᠨ ᠠᠪᠬᠤ ᠬᠡᠯᠡᠯᠴᠡᠭᠡᠷ ᠲᠤ ᠭᠠᠷ ᠤᠨ ᠦᠰᠦᠭ ᠵᠢᠷᠤᠵᠦ᠂ ᠮᠠᠯ ᠤᠨ ᠠᠰᠢᠭ ᠰᠢᠮ᠎ᠡ ᠶᠢ ᠨᠢᠭᠡᠳᠦᠯᠳᠡᠢ ᠪᠤᠷᠤᠯᠠᠭᠤᠯᠤᠨ᠂ ᠬᠠᠮᠲᠤ ᠶᠢᠨ ᠠᠰᠢᠭ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠠᠯᠳ᠋ᠬᠠᠮᠡᠭᠡᠯ ᠪᠠᠯᠭᠠᠰᠤ ᠶᠢᠨ ︽ᠳᠣᠯᠣᠭᠠᠨ ᠲᠣᠰᠬᠤᠨ ᠢ ᠨᠢᠭᠡ ᠴᠣᠭᠴᠠᠵᠢᠭᠤᠯᠬᠤ︾ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠳᠠ ᠶᠢᠨ ᠠᠵᠢᠯ ᠢ ᠡᠬᠢᠯᠡᠭᠦᠯᠵᠦ᠂ ︽ᠳᠣᠯᠣᠭᠠᠨ ᠲᠣᠰᠬᠤᠨ︾᠎ ᠤ ᠰᠠᠭᠤᠷᠢ ᠲᠤᠭ᠎ᠠ ᠪᠠᠷᠢᠮᠲᠠ ᠶᠢᠨ ᠪᠦᠷᠢᠳᠬᠡᠯ ᠢ ᠪᠡᠶᠡᠯᠡᠭᠦᠯᠵᠦ᠂ ᠨᠡᠶᠢᠭᠡᠮ ᠤᠨ ᠬᠥᠷᠥᠩᠭᠡ ᠶᠢᠨ ᠡᠵᠡᠩᠨᠡᠯᠲᠡ ᠶᠢᠨ ᠵᠠᠭᠪᠤᠷ ᠤᠨ ᠲᠥᠰᠦᠯ ᠢ ᠳᠤᠭᠳᠠᠭᠠᠪᠠ᠃ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠲᠡᠭᠦᠯᠳᠡᠷᠵᠢᠵᠦ᠂ ᠲᠥᠯ ᠲᠣᠰᠴᠤ ᠪᠤᠶᠢᠵᠢᠭᠤᠯᠬᠤ ᠠᠵᠢᠯ ᠡᠯᠪᠡᠭ ᠬᠤᠷᠢᠶᠠᠯᠲᠠ ᠣᠯᠵᠤ᠂ 95.7 ᠲᠦᠮᠡᠨ ᠲᠣᠯᠣᠭᠠᠢ ᠲᠥᠯ ᠮᠠᠯ ᠤᠨ ᠤᠨᠳᠤᠷᠤᠯᠲᠠ ᠶᠢᠨ ᠨᠣᠷᠮ᠎ᠠ 99%᠎ ᠶᠢ ᠳᠠᠪᠠᠵᠦ᠂ ᠮᠠᠯ ᠠᠵᠤ ᠠᠬᠤᠢ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠤᠯᠠᠮ ᠴᠢᠨᠠᠭᠰᠢᠳᠠ ᠳᠡᠭᠡᠭᠰᠢᠯᠡᠪᠡ᠃ 120 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢᠶᠠᠨ ᠳ᠋ᠠ᠂ ᠼᠤᠤ ᠶᠤᠸᠠᠨ ᠰᠢᠩ᠂ ᠶᠤᠸᠠᠨ ᠯᠦᠩ ᠪᠤᠯᠤᠨ ᠪᠢᠴᠢᠬᠠᠨ ᠲᠠᠷᠭᠤᠨ ᠬᠤᠨᠢ ᠵᠡᠷᠭᠡ ᠳᠥᠷᠪᠡᠨ ᠠᠵᠤ ᠠᠬᠤᠶᠢᠯᠠᠯ ᠢ ᠰᠣᠩᠭᠤᠨ ᠭᠠᠷᠭᠠᠵᠦ ︽ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬ᠎ᠠ︾᠎ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠳᠡᠮᠳᠡᠭ ᠤᠨ ᠪᠦᠲᠦᠭᠡᠨ ᠪᠠᠶᠢᠭᠤᠯᠤᠯᠳᠠ ᠵᠢᠴᠢ ᠮᠦᠷᠲᠡᠬᠦ ᠰᠢᠰᠲ᠋ᠧᠮ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠦᠷᠨᠢᠬᠦᠯᠪᠡ᠃ ᠮᠠᠯ ᠠᠵᠤ ᠠᠬᠤᠢ ᠶᠢᠨ ᠳᠠᠭᠠᠳᠬᠠᠯ ᠤᠨ ᠳᠤᠯᠭᠠᠭᠤᠷᠢ ᠪᠠᠲᠤᠯᠠᠭ᠎ᠠ ᠶᠢ ᠴᠢᠩᠭᠠᠳᠬᠠᠵᠤ᠂ 33345 ᠰᠠᠭᠠᠯᠢ ᠶᠢᠨ ᠦᠨᠢᠶ᠎ᠡ ᠶᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠠᠭᠠᠳᠬᠠᠯ ᠳᠤ ᠤᠷᠤᠭᠤᠯᠵᠦ᠂ 1418 ᠬᠥᠮᠦᠨ ᠳᠤ ︽ᠨᠢᠭᠡ ᠦᠷᠲᠡᠭᠡ ᠬᠡᠯᠪᠡᠷᠢ︾᠎ ᠪᠠᠷ 850 ᠲᠦᠮᠡᠨ ᠲᠥᠭᠦᠷᠢᠭ ᠲᠦᠯᠦᠪᠦᠷᠢᠯᠡᠪᠡ᠃ ᠪᠠᠶᠢᠩᠭᠤᠴᠢᠯᠠᠭᠰᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠵᠡᠷᠭᠡ ᠠᠮᠢᠲᠠᠨ ᠤ ᠬᠢᠵᠢᠭ ᠡᠪᠡᠳᠴᠢᠨ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠪᠠ᠃ ᠵᠢᠷᠭᠤᠳᠤᠭᠠᠷ ᠬᠤᠭᠤᠴᠠᠭᠠᠨ ᠤ ᠬᠤᠨᠢ ᠰᠢᠯᠭᠠᠷᠠᠭᠤᠯᠬᠤ ᠤᠷᠤᠯᠳᠤᠭᠠᠨ ᠢ ᠠᠮᠵᠢᠯᠲᠠ ᠲᠠᠢ ᠡᠷᠬᠢᠯᠡᠨ ᠬᠢᠵᠦ᠂ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬᠠᠨ ᠤ ᠭᠤᠣᠯ ᠪᠦᠲᠦᠭᠡᠭᠳᠡᠬᠦᠨ ᠪᠤᠯᠬᠤ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾᠎ ᠶᠢᠨ ᠨᠡᠷᠡᠲᠦ ᠳᠡᠮᠳᠡᠭ ᠤᠨ ᠨᠦᠯᠦᠭᠡᠯᠡᠯ ᠠᠯᠬᠤᠮ ᠠᠯᠬᠤᠮ ᠢᠶᠠᠷ ᠢᠯᠡᠷᠡᠵᠦ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠶᠢᠨ ᠦᠨ᠎ᠡ ᠶᠡᠭᠡ ᠪᠠᠷ ᠳᠡᠭᠡᠭᠰᠢᠯᠡᠨ᠂ ᠮᠠᠯᠴᠢᠳ ᠎ ᠤᠨ ᠣᠷᠣᠯᠭ᠎ᠠ ᠨᠡᠶᠢᠳᠡᠮ ᠨᠡᠮᠡᠭᠳᠡᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠳᠡᠭᠡᠭᠰᠢᠯᠡᠵᠦ ᠦᠷ᠎ᠡ ᠠᠰᠢᠭ ᠨᠡᠮᠡᠭᠳᠡᠪᠡ᠃ ︽ᠳᠣᠯᠣᠭᠠᠨ ᠬᠡᠯᠪᠡᠷᠢ︾᠎ ᠶᠢᠨ ᠠᠭᠤᠷᠬᠠᠢ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ᠂ 3.36 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂ ᠳ᠋ᠠᠴᠢᠩ ᠤᠨ ᠴᠢᠯᠠᠭᠤᠨ ᠲᠣᠰᠣᠨ ᠤ ᠠᠭᠤᠷᠬᠠᠢ ᠶᠢ ᠦᠷᠭᠦᠯᠵᠢᠯᠡᠨ ᠨᠡᠭᠡᠭᠡᠨ ᠠᠰᠢᠭᠯᠠᠬᠤ᠂ ᠭᠦᠨ ᠬᠡᠰᠡᠭ ᠤᠨ ᠡᠬᠢ ᠪᠠᠶᠠᠯᠢᠭ ᠢ ᠤᠷᠤᠯᠠᠬᠤ ᠮᠡᠷᠭᠡᠵᠢᠯ ᠢ ᠰᠠᠶᠢᠵᠢᠷᠠᠭᠤᠯᠬᠤ᠂ ᠶᠢᠨ ᠱᠠᠨ ᠤ ᠨᠢᠭᠡ ᠤᠰᠤᠳᠦ ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠢ ᠰᠠᠶᠢᠵᠢᠷᠠᠭᠤᠯᠬᠤ ᠵᠡᠷᠭᠡ ᠲᠥᠷᠦᠯ ᠵᠦᠢᠯ ᠢ ᠭᠡᠷᠡᠭᠵᠢᠬᠦᠯᠪᠡ᠃ ᠳᠤᠮᠳᠠᠳᠤ ᠤᠯᠤᠰ ᠤᠨ ᠬᠤᠸᠠᠩ ᠶᠢᠨ ᠠᠭᠤᠷᠬᠠᠶ ᠶᠢᠨ ᠦᠢᠯᠡᠰ ᠤᠨ ᠳᠣᠤᠷ᠎ᠠ ᠵᠡᠰ ᠤᠨ ᠬᠠᠶᠠᠭᠳᠠᠮᠠᠯ ᠬᠦᠳᠡᠷ ᠢ ᠠᠰᠢᠭᠯᠠᠬᠤ ᠵᠢᠴᠢ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠤᠳᠠᠳᠦ ᠠᠬᠢᠴᠠ ᠶᠢ ᠢᠳᠡᠪᠬᠢᠲᠡᠶ ᠲᠦᠯᠬᠢᠨ ᠠᠬᠢᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠢ ᠥᠷᠳᠡᠭ ᠢ 45.2 ᠳ᠋ᠦᠩᠰᠢᠭᠤᠷ ᠲᠥᠭᠦᠷᠢᠭ ᠪᠡᠶᠡᠯᠡᠭᠦᠯᠪᠡ᠃ ︽ᠲᠥᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠣᠨ︾᠎ ᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ 45 ᠲᠥᠷᠦᠯ ᠵᠦᠢᠯ ᠢ ᠲᠦᠯᠦᠪᠵᠢᠬᠦᠯᠬᠦ᠂ ᠨᠦᠭᠡᠴᠡᠯᠡᠬᠦ ᠪᠠ ᠭᠡᠷᠡᠭᠵᠢᠬᠦᠯᠦᠨ᠂ 11 ᠭᠤᠤᠯᠳᠠᠯᠭ᠎ᠠ ᠲᠠᠢ ᠲᠥᠷᠦᠯ ᠵᠦᠢᠯ ᠠᠵᠢᠯ ᠢᠶᠠᠨ ᠡᠬᠢᠯᠡᠭᠦᠯᠵᠦ᠂ ᠠᠵᠢᠯ ᠡᠬᠢᠯᠡᠭᠰᠡᠨ ᠨᠣᠷᠮ᠎ᠠ 100%᠎ ᠳᠤ ᠬᠦᠷᠴᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠡᠶᠢᠲᠡ 3.3 ᠳ᠋ᠦᠩᠰᠢᠭᠤᠷ ᠲᠦᠬᠦᠷᠢᠭ ᠤᠨ ᠪᠡᠯᠡ ᠮᠥᠩᠭᠦ ᠣᠷᠣᠭᠤᠯᠤᠨ ᠠᠪᠴᠢᠷᠠᠪᠠ᠃ ᠵᠤᠭᠠᠴᠠᠯ ᠠᠷᠠᠯᠵᠢᠶ᠎ᠠ ᠶᠢᠨ ᠠᠵᠤ ᠦᠢᠯᠡᠰ ᠤᠷᠳᠦ ᠤᠳᠠᠭᠠᠨ ᠬᠦᠭᠵᠢᠯᠳᠡ ᠲᠠᠢ ᠪᠤᠯᠪᠠ᠃ ᠵᠤᠭᠠᠴᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ 21 ᠳᠠᠷᠠᠬᠠᠢ ᠪᠤᠳᠠᠷᠬᠠᠢ ᠦᠵᠡᠮᠵᠢ ᠶᠢᠨ ᠣᠷᠣᠨ ᠦᠵᠡᠮᠵᠢ ᠶᠢᠨ ᠴᠡᠭ ᠢ ᠴᠡᠪᠡᠷᠯᠡᠨ ᠴᠡᠭᠴᠡᠯᠡᠵᠦ᠂ ᠵᠤᠭᠠᠴᠠᠯ ᠤᠨ ᠡᠮᠬᠢ ᠳᠢᠭᠯᠢᠮ ᠤᠯᠠᠮ ᠴᠢᠨᠠᠭᠰᠢᠳᠠ ᠳᠦᠷᠢᠮᠵᠢᠪᠡ᠃ ︽ᠴᠢᠩᠬᠢᠰ ᠤᠨ ᠠᠯᠳᠠᠨ ᠤᠷᠤᠭ ᠤᠨ ᠰᠢᠵᠢᠮ ᠢ ᠵᠠᠩᠬᠢᠳᠤᠭᠰᠠᠨ ᠨᠤᠲᠤᠭ︾ ᠠᠷᠠᠳ ᠤᠨ ᠵᠠᠩ ᠦᠢᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ︽ᠵᠠᠰᠠᠭ ᠤᠨ ᠣᠷᠳᠣᠨ + ᠠᠵᠤ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠬᠡ︾ ᠳᠥᠷᠪᠡ ᠶᠢ ᠨᠢᠭᠡ ᠴᠣᠭᠴᠠᠵᠢᠭᠤᠯᠤᠨ ᠡᠵᠡᠩᠨᠡᠬᠦ ᠵᠠᠭᠪᠤᠷ ᠢ ᠰᠦᠪᠡᠭᠴᠢᠯᠡᠪᠡ᠃ ︽ᠮᠢᠵᠢᠭ ᠭᠡᠷ ᠪᠦᠯᠢ ᠶᠢᠨ ᠮᠠᠯᠵᠢᠯ ᠤᠨ ᠲᠠᠯᠠᠪᠠᠢ︾᠂ ︽ᠦᠰᠦᠷᠦᠯᠳᠦ ᠭᠡᠷ ᠪᠦᠯᠢ ᠶᠢᠨ ᠮᠠᠯᠵᠢᠯ ᠤᠨ ᠲᠠᠯᠠᠪᠠᠢ︾ ᠵᠡᠷᠭᠡ ᠰᠡᠯᠡᠭᠦᠴᠡᠯ ᠮᠠᠯᠵᠢᠯ ᠤᠨ ᠲᠠᠯᠠᠪᠠᠢ ᠶᠢᠨ ᠨᠡᠷᠡᠲᠦ ᠲᠡᠮᠳᠡᠭ ᠢ ᠪᠤᠢ ᠪᠤᠯᠭᠠᠨ᠂ ᠥᠯᠵᠡᠶ ᠮᠠᠯᠵᠢᠬᠤ ᠡᠷᠦᠬᠡ ᠪᠠᠷ ᠵᠤᠭᠠᠴᠠᠬᠤ ᠵᠤᠭᠠᠴᠠᠯ ᠨᠢ ︽ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠵᠤᠭᠠᠴᠠᠯ ᠤᠨ ᠭᠤᠷᠪᠠᠨ ᠣᠳᠣᠨ ᠲᠡᠰ ᠤᠨ ᠬᠦᠯᠢᠶᠡᠨ ᠵᠤᠴᠢᠯᠠᠬᠤ ᠡᠷᠦᠬᠡ︾᠎ ᠪᠠᠷ ᠦᠨᠡᠯᠡᠭᠳᠡᠪᠡ᠃ ᠪᠥᠬᠦ ᠵᠢᠯ ᠳᠤ ᠵᠤᠭᠠᠴᠠᠭᠰᠠᠳ ᠢ 55.6 ᠲᠦᠮᠡᠨ ᠬᠥᠮᠦᠨ ᠤᠳᠠᠭ᠎ᠠ ᠭᠥᠯᠢᠶᠡᠨ ᠵᠤᠴᠢᠯᠠᠵᠦ᠂ 4.7%᠎ ᠪᠠᠷ ᠨᠡᠮᠡᠭᠳᠡᠪᠡ᠃ ᠵᠤᠭᠠᠴᠠᠯ ᠤᠨ ᠣᠷᠣᠯᠭ᠎ᠠ ᠶᠢ 4.45 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.9%᠎ ᠪᠠᠷ ᠨᠡᠮᠡᠭᠳᠡᠪᠡ᠃ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠤ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ︽ᠤᠮᠠᠷᠠᠰᠢ ᠨᠡᠭᠡᠭᠡᠯᠲᠡ ᠬᠢᠬᠦ︾ ᠬᠥᠭᠦᠷᠭᠡᠨ ᠪᠠᠬᠢᠯᠡᠯᠲᠡ ᠶᠢ ᠴᠤᠭᠴᠠᠯᠠᠵᠦ᠂ 2845 ᠲᠦᠮᠡᠨ ᠲᠥᠭᠦᠷᠢᠭ ᠤᠨ ᠪᠠᠯᠠ ᠤᠷᠤᠭᠤᠯᠤᠨ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠠᠷᠠᠯᠵᠢᠶᠠᠨ ᠤ ᠲᠣᠭᠤᠷᠢᠭ ᠢ ᠪᠥᠲᠥᠭᠡᠨ ᠪᠠᠶᠢᠭᠤᠯᠵᠦ᠂ ᠪᠣᠭᠤᠮᠲᠠ ᠶᠢᠨ ᠬᠠᠮᠲᠤ ᠶᠢᠨ ᠪᠠᠶᠢᠷᠢ ᠶᠢᠨ ᠠᠰᠠᠷ ᠵᠢᠴᠢ ᠶᠡᠷᠦᠩᠬᠡᠶᠢᠯᠡᠭᠰᠡᠨ ᠭᠡᠷᠡᠭᠯᠡᠭᠡᠨ ᠤ ᠬᠡᠷ ᠢ ᠵᠠᠰᠠᠨ ᠰᠢᠨᠡᠳᠭᠡᠪᠡ᠃ ᠠᠷᠤᠬᠠᠰᠢᠶᠠᠳᠦ ᠪᠣᠭᠤᠮᠲᠠ ᠶᠢ ᠵᠢᠯ ᠲᠤᠷᠰᠢ ᠴᠢᠯᠦᠭᠡᠳᠡᠢ ᠨᠡᠭᠡᠭᠡᠭᠳᠡᠬᠦ ᠪᠣᠯᠭᠠᠵᠤ᠂ ᠭᠠᠶᠢᠯᠢ ᠠᠴᠠ ᠬᠡᠯᠳᠦᠷᠢᠬᠦᠯᠦᠭᠰᠡᠨ ᠲᠠᠸᠠᠷ ᠢ ᠪᠡᠶᠡᠴᠢᠯᠡᠨ ᠣᠶᠢᠯᠠᠭᠠᠬᠤ ᠳᠡᠯᠭᠡᠭᠦᠷ ᠪᠠᠶᠢᠭᠤᠯᠤᠨ᠂ ᠳᠤᠮᠳᠠᠳᠤ ᠤᠯᠤᠰ ᠤᠨ ᠠᠷᠤᠬᠠᠰᠢᠶᠠᠳᠦ ᠬᠢᠯᠢ ᠶᠢᠨ ᠪᠤᠭᠤᠮᠳᠠ ᠪᠠᠶᠢᠭᠤᠯᠤᠭᠳᠠᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠪ ᠵᠢᠩᠬᠢᠨᠢ ᠪᠠᠷ ᠡᠵᠡᠩᠨᠡᠯᠲᠡ ᠪᠠᠨ ᠡᠬᠢᠯᠡᠬᠦᠯᠵᠦ᠂ 2019 ᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠠᠷᠠᠯᠵᠢᠶᠠᠨ ᠤ ᠲᠣᠭᠤᠷᠢᠭ ᠤᠨ ᠭᠠᠶᠢᠯᠢ ᠠᠴᠠ ᠬᠡᠯᠳᠦᠷᠢᠬᠦᠯᠦᠭᠰᠡᠨ ᠲᠠᠸᠠᠷ ᠤᠨ ᠳᠡᠯᠭᠡᠨ ᠪᠤᠷᠤᠯᠠᠭᠤᠯᠬᠤ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠠᠷᠠᠯᠵᠢᠶᠠᠨ ᠤ ᠲᠤᠭ᠎ᠠ 220 ᠲᠦᠮᠡᠨ ᠲᠥᠭᠦᠷᠢᠭ ᠲᠤ ᠬᠥᠷᠪᠡ᠃ ᠪᠦᠬᠦ ᠵᠢᠯ ᠳᠤ᠂ ᠬᠢᠯᠢ ᠪᠠᠷ ᠣᠷᠣᠭᠤᠯᠵᠤ ᠭᠠᠷᠭᠠᠬᠤ ᠪᠠᠷᠠᠭ᠎ᠠ ᠶᠢᠨ ᠬᠡᠮᠵᠢᠶ᠎ᠡ ᠶᠢ 2.4 ᠲᠦᠮᠡᠨ ᠲᠣᠨ ᠪᠡᠶᠡᠯᠡᠭᠦᠯᠵᠦ᠂ ᠬᠢᠯᠢ ᠪᠠᠷ ᠣᠷᠣᠭᠤᠯᠵᠤ ᠭᠠᠷᠭᠠᠬᠤ ᠪᠠᠷᠠᠭ᠎ᠠ ᠶᠢᠨ ᠠᠷᠠᠯᠵᠢᠶᠠᠨ ᠤ ᠲᠤᠭ᠎ᠠ ᠶᠢ 1207 ᠲᠦᠮᠡᠨ ᠳ᠋ᠣᠯᠯᠠᠷ ᠪᠡᠶᠡᠯᠡᠭᠦᠯᠵᠦ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 12.5 ᠲᠦᠮᠡᠨ ᠬᠦᠮᠦᠨ ᠤᠳᠠᠭ᠎ᠠ ᠳᠤ ᠬᠦᠷᠴᠦ᠂ ᠬᠢᠯᠢ ᠪᠠᠷ ᠣᠷᠣᠵᠤ ᠭᠠᠷᠬᠤ ᠵᠠᠮ ᠲᠡᠭᠡᠭᠡᠪᠦᠷᠢ ᠶᠢᠨ ᠪᠠᠭᠠᠵᠢ 1.9 ᠲᠦᠮᠡᠨ ᠳᠡᠷᠭᠡ ᠤᠳᠠᠭ᠎ᠠ ᠳᠤ ᠬᠦᠷᠪᠡ᠃        ᠨᠢᠭᠡ ᠵᠢᠯ ᠤᠨ ᠲᠤᠷᠰᠢ᠂ ᠪᠢᠳᠡ ᠬᠦᠴᠢᠷ ᠪᠡᠷᠬᠡ ᠶᠢ ᠢᠯᠠᠨ ᠳᠠᠪᠠᠵᠤ᠂ ᠭᠠᠪᠰᠢᠭᠠᠶᠢᠯᠠᠨ ᠴᠢᠷᠮᠠᠶᠢᠵᠦ᠂ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠨ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ᠭᠤᠷᠪᠠᠨ ᠶᠡᠭᠡ ᠪᠠᠬᠢᠯᠡᠯᠳᠡ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠨᠠᠷᠢᠯᠢᠭ ᠤᠨᠤᠪᠴᠢᠳᠠᠢ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠪᠠᠷᠢᠮᠵᠢᠶ᠎ᠠ ᠶᠣᠰᠣᠭᠠᠷ᠂ ︽ᠵᠢᠷᠭᠤᠭᠠᠨ ᠨᠠᠷᠢᠯᠢᠭ ᠤᠨᠤᠪᠴᠢᠳᠠᠢ ᠪᠠᠶᠢᠬᠤ︾᠎ ᠪᠠᠷ ᠪᠠᠷᠢᠮᠵᠢᠶᠠᠯᠠᠵᠤ᠂ 2177 ᠲᠦᠮᠡᠨ ᠲᠥᠭᠦᠷᠢᠭ ᠤᠨ ᠪᠠᠯᠠ ᠣᠷᠣᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠭᠠᠴᠠᠭᠠᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠣᠨᠳᠣᠤ ᠭᠠᠵᠠᠷ ᠲᠤ ᠨᠡᠬᠦᠯᠭᠡᠵᠦ ᠵᠠᠯᠭᠠᠮᠵᠢ ᠠᠵᠤ ᠦᠢᠯᠡᠰ ᠢᠶᠠᠷ ᠲᠡᠳᠬᠦᠬᠦ ᠵᠡᠷᠭᠡ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠪᠡ᠃ ᠮᠥᠩᠭᠦᠨ ᠬᠦᠢᠯᠭᠡᠭᠡ᠂ ᠡᠮ ᠡᠮᠨᠡᠯᠭᠡ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠶᠢᠨ ᠪᠦᠬᠦᠨ ᠢ ᠪᠠᠲᠤᠯᠠᠬᠤ ᠵᠡᠷᠭᠡ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠤᠯᠬᠤ ᠲᠤᠰᠬᠠᠶ ᠲᠣᠭᠤᠷᠢᠨ ᠪᠠᠶᠢᠴᠠᠭᠠᠯᠲᠠ ᠪᠠ 2018 ᠣᠨ ᠤ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠳᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠠᠷᠪᠠᠨ ᠵᠦᠢᠯ ᠤᠨ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠲᠤᠰᠬᠠᠶ ᠠᠵᠢᠯᠯᠠᠭ᠎ᠠ ᠶᠢ ᠪᠡᠶᠡᠯᠡᠬᠦᠯᠦᠨ᠂ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠳᠡᠢ 391 ᠡᠷᠤᠭᠡ 1041 ᠬᠦᠮᠦᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠠᠯᠬᠤᠮ ᠠᠯᠬᠤᠮ ᠢᠶᠠᠷ ᠴᠢᠨᠡᠭᠡᠯᠢᠭᠵᠢᠯ ᠤᠨ ᠵᠠᠮ ᠳᠤ ᠤᠷᠤᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠠᠬᠢᠯᠡᠯᠳᠡ ᠰᠢᠪᠲᠤᠯᠬᠤ ᠳᠠᠶᠢᠯᠠᠯᠳᠤᠭᠠᠨ ᠢ ᠬᠦᠴᠦᠲᠡᠢ ᠲᠦᠯᠬᠢᠨ ᠠᠬᠢᠭᠤᠯᠪᠠ᠃ ︽ᠤᠰᠤ︾ ︽ᠠᠭᠠᠷ︾ ︽ᠰᠢᠷᠣᠶ︾ ᠭᠤᠷᠪᠠᠨ ᠶᠡᠭᠡ ᠳᠠᠶᠢᠯᠠᠯᠳᠤᠭᠠᠨ ᠢ ᠡᠷᠡᠰ ᠰᠠᠶᠢᠲᠤᠷ ᠬᠢᠪᠡ᠃ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠵᠠᠰᠠᠯᠲᠠ ᠶᠢ ᠲᠦᠷᠭᠡᠳᠭᠡᠨ᠂ 1.18 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂ ᠡᠯᠡᠰᠦᠷᠬᠡᠭ ᠭᠠᠵᠠᠷ ᠢ ᠵᠠᠰᠠᠬᠤ᠂ ᠦᠵᠡᠮᠵᠢ ᠶᠢᠨ ᠣᠷᠣᠨ ᠢ ᠨᠤᠷᠠᠭᠠᠬᠤ᠂ ᠳᠠᠬᠢᠨ ᠠᠰᠢᠭᠯᠠᠵᠦ ᠪᠤᠯᠬᠤ ᠤᠰᠤ ᠶᠢ ᠡᠭᠡᠭᠦᠯᠦᠨ ᠬᠡᠷᠡᠭᠯᠡᠬᠦ ᠵᠡᠷᠭᠡ ᠢᠨᠵᠧᠨᠧᠷᠢᠩ ᠢ ᠭᠡᠷᠡᠭᠵᠢᠬᠦᠯᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠦ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠲᠤᠰᠬᠠᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠣᠨ ᠤ ᠡᠭᠦᠷᠭᠡ ᠶᠢ ᠪᠡᠶᠡᠯᠡᠭᠦᠯᠵᠦ᠂ 10 ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ 116 ᠨᠡᠭᠦᠷᠡᠰᠦ ᠰᠢᠳᠠᠭᠠᠬᠤ ᠬᠦᠸᠧᠯᠦ᠂ 11 ᠲᠤᠰᠤ ᠨᠡᠮᠡᠬᠦ ᠦᠷᠳᠡᠭᠡ ᠎ ᠶᠢᠨ 34 ᠭᠠᠵᠠᠷ ᠳᠣᠣᠷᠠᠬᠢ ᠲᠤᠰᠤᠨ ᠰᠠᠪᠠ ᠶᠢ ᠵᠠᠰᠠᠨ ᠰᠢᠨᠡᠳᠭᠡᠵᠦ᠂ ᠬᠡᠷᠦᠯᠦᠨ ᠬᠠᠶᠢᠯᠤᠭᠤᠷ ᠴᠢᠯᠠᠭᠤ ᠶᠢᠨ ᠠᠭᠤᠷᠬᠠᠢ ᠶᠢ ᠭᠠᠷᠭᠠᠪᠠ᠃ ᠠᠭᠤᠷ ᠠᠮᠢᠰᠬᠤᠯ ᠤᠨ ᠶᠠᠰᠤ ᠴᠢᠨᠠᠷ ᠢ ᠴᠢᠩᠭ᠎ᠠ ᠬᠢᠨᠠᠨ ᠬᠡᠮᠵᠢᠵᠦ᠂ ᠰᠢᠯᠢᠳᠡᠭ ᠰᠠᠶᠢᠨ ᠬᠦᠢᠴᠡᠳᠭᠡᠬᠦ ᠲᠤᠭ᠎ᠠ 94%᠎ ᠶᠢ ᠳᠠᠪᠠᠪᠠ᠃ 10 ᠲᠦᠮᠡᠨ ᠲᠡᠭᠰᠢ ᠳᠥᠷᠪᠡᠯᠵᠢᠨ ᠮᠧᠲᠷ ᠤᠨ ᠪᠣᠬᠢᠷᠲᠤᠯ ᠶᠡᠬᠡᠲᠡᠶ ᠰᠢᠳᠠᠭᠠᠯᠭ᠎ᠠ ᠰᠢᠳᠠᠭᠠᠬᠤ ᠶᠢ ᠴᠠᠭᠠᠵᠠᠯᠠᠬᠤ ᠣᠷᠣᠨ ᠢ ᠵᠠᠭᠠᠭᠯᠠᠨ ᠲᠤᠭᠳᠠᠭᠠᠪᠠ᠃ 8750 ᠲᠦᠮᠡᠨ ᠲᠥᠭᠦᠷᠢᠭ ᠤᠨ ᠪᠡᠯᠡ ᠣᠷᠣᠭᠤᠯᠵᠤ᠂ 1036 ᠾᠧᠺᠲ᠋ᠠᠷ ᠳᠠᠯᠠᠪᠠᠢ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠵᠤ᠂ ᠷᠦᠩ ᠳ᠋ᠡ᠂ ᠴᠠᠭᠠᠨ᠂ ᠶᠢᠨ ᠱᠠᠨ ᠠᠭᠤᠷᠬᠠᠢ ᠶᠢᠨ ᠦᠢᠯᠡᠰ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ ᠳᠡᠰ ᠳᠠᠪᠰᠢᠨ ᠤᠷᠤᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠬᠢᠯᠡᠯᠳᠡ ᠰᠢᠪᠳᠤᠯᠬᠤ ᠳᠠᠶᠢᠯᠠᠯᠳᠤᠭᠠᠨ ᠢ ᠬᠦᠴᠦᠯᠡᠨ ᠠᠬᠢᠭᠤᠯᠪᠠ᠃ ᠥᠷᠢ ᠥᠭᠴᠡᠭᠡ ᠶᠢ ᠠᠷᠢᠯᠭᠠᠬᠤ ᠲᠥᠰᠦᠯ ᠢ ᠲᠡᠷᠡ ᠬᠡᠪ ᠢᠶᠠᠷ ᠨᠢ ᠨᠠᠶᠢᠳᠠᠪᠦᠷᠢᠵᠢᠭᠤᠯᠤᠨ᠂ ᠥᠷᠢ ᠥᠭᠴᠡᠭᠡ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠵᠤ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠶᠢ ᠡᠷᠡᠰ ᠰᠡᠷᠭᠡᠶᠢᠯᠡᠨ᠂ 9744 ᠲᠦᠮᠡᠨ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠵᠢᠯ ᠤᠨ ᠡᠭᠦᠷᠭᠡ ᠶᠢᠨ 101.8%᠎ ᠶᠢ ᠪᠡᠶᠡᠯᠡᠬᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠦᠷᠢᠳᠦᠭᠰᠡᠨ 4438 ᠲᠦᠮᠡᠨ ᠲᠥᠭᠦᠷᠢᠭ ᠢ ᠴᠡᠪᠡᠷᠯᠡᠵᠦ᠂ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠪᠦᠲᠦᠮᠵᠢᠲᠡᠶ ᠨᠠᠮᠳᠠᠪᠠ᠃ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢ ᠳᠡᠬᠦᠯᠳᠡᠷᠵᠢᠬᠦᠯᠦᠨ᠂ 71 ᠲᠥᠷᠦᠯ ᠵᠦᠢᠯ ᠢ ᠬᠢᠨᠠᠨ ᠪᠣᠳᠣᠵᠤ᠂ 2111 ᠲᠦᠮᠡᠨ ᠲᠥᠭᠦᠷᠢᠭ ᠢ ᠬᠢᠨᠠᠨ ᠬᠠᠰᠤᠪᠠ᠃ ᠮᠠᠯᠵᠢᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ ᠰᠡᠷᠭᠡᠶᠢᠯᠡᠨ ᠨᠠᠮᠳᠠᠭᠤᠯᠬᠤ ᠠᠵᠢᠯ ᠤᠨ ᠦᠷ᠎ᠡ ᠪᠦᠲᠦᠭᠡᠯ ᠪᠠᠬᠢᠵᠢᠵᠤ᠂ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠥᠨᠳᠥᠷ ᠬᠦᠤ ᠲᠠᠢ ᠵᠢᠭᠡᠯᠡᠯᠭᠡ ᠶᠢ ᠤᠭ ᠦᠨᠳᠦᠰᠦ ᠠᠴᠠ ᠨᠢ ᠠᠷᠢᠯᠭᠠᠪᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠥᠩᠭᠦᠨ ᠬᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠴᠢᠳᠠᠬᠤ ᠪᠤᠯᠭᠠᠪᠠ᠃        ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠣᠷᠢᠳᠠᠪᠠᠷ ᠪᠤᠳᠤᠯᠬᠢᠯᠠᠨ᠂ ᠪᠣᠬᠢᠷᠲᠤᠯ ᠦᠭᠡᠢ ᠬᠦᠭᠵᠢᠬᠦᠯᠬᠦ ᠶᠢ ᠪᠠᠷᠢᠮᠳᠠᠯᠠᠵᠦ᠂ ᠪᠦᠬᠦ ᠬᠦᠴᠦᠨ ᠢᠶᠠᠷ ᠢᠶᠠᠨ ᠰᠠᠭᠤᠷᠢ ᠪᠠᠨ ᠪᠠᠬᠢᠵᠢᠬᠦᠯᠦᠨ ᠠᠯᠤᠰ ᠬᠡᠲᠦ ᠶᠢ ᠪᠤᠳᠤᠯᠬᠢᠯᠠᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠳᠠᠲᠤ ᠦᠷ᠎ᠡ ᠪᠦᠲᠦᠮᠵᠢ ᠤᠯᠪᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠳᠤᠯᠠᠵᠦ᠂ ︽ᠬᠦᠭᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠬᠦᠯᠦᠨ᠂ ᠠᠮᠢ ᠠᠬᠤᠶ ᠶᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠮᠢ ᠠᠬᠤᠶ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠩᠷᠢ ᠶᠢᠨ ᠬᠠᠶᠠᠭᠠᠨ ᠳᠠᠬᠢ ᠲᠠᠯ᠎ᠠ ᠨᠤᠲᠤᠭ ᠤᠨ ᠪᠤᠬᠢᠷᠳᠤᠯ ᠦᠬᠡᠢ ᠨᠡᠷ᠎ᠡ ᠶᠢᠨ ᠬᠠᠭᠤᠳᠠᠰᠤ ᠶᠢ ᠪᠣᠶ ᠪᠤᠯᠭᠠᠪᠠ᠃ ᠬᠥᠯᠥᠨ ᠪᠤᠶᠢᠷ ᠤᠨ ᠣᠯᠠᠨ ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠶᠡᠭᠡ ᠬᠤᠷᠠᠯ ᠤᠨ ᠳᠠᠯ᠎ᠠ ᠨᠤᠲᠤᠭ ᠲᠠᠬᠢ ᠬᠤᠪᠢᠶᠠᠷᠢ ᠶᠠᠷᠢᠯᠴᠠᠭᠠᠨ ᠤ ᠲᠠᠪᠴᠠᠩ ᠵᠢᠴᠢ ᠲᠡᠭᠦᠰᠬᠦ ᠶᠣᠰᠣᠯᠠᠯ ᠢ ᠴᠢᠨᠠᠷ ᠰᠠᠶᠢᠲᠠᠶ ᠳᠠᠭᠠᠭᠠᠴᠢᠯᠠᠨ ᠬᠢᠵᠦ᠂ ᠪᠣᠬᠢᠷᠲᠤᠯ ᠥᠬᠡᠶ ᠬᠦᠭᠵᠢᠬᠦᠯᠬᠦ ᠨᠡᠶᠢᠭᠡᠮ ᠤᠨ ᠨᠦᠯᠦᠭᠡᠯᠡᠯ ᠦᠷᠭᠡᠵᠢᠪᠡ᠃ 5099 ᠲᠦᠮᠡᠨ ᠲᠥᠭᠦᠷᠢᠭ ᠤᠨ ᠪᠡᠯᠡ ᠣᠷᠣᠭᠤᠯᠵᠤ᠂ 15 ᠲᠦᠮᠡᠨ ᠮᠤ᠋ ᠨᠤᠲᠤᠭ ᠪᠡᠯᠴᠢᠭᠡᠷ ᠲᠤ ᠤᠯᠠᠷᠢᠯ ᠤᠨ ᠴᠢᠨᠠᠷᠲᠠᠢ ᠰᠡᠯᠭᠦᠨ ᠮᠠᠯᠵᠢᠬᠤ᠂ 24 ᠲᠦᠮᠡᠨ ᠮᠤ᠋ ᠨᠤᠲᠤᠭ ᠪᠡᠯᠴᠢᠭᠡᠷ ᠎ ᠲᠤ ᠲᠣᠭᠤᠷᠢᠭ ᠬᠤᠪᠢᠶᠠᠨ ᠡᠬᠡᠯᠵᠢᠯᠡᠨ ᠮᠠᠯᠵᠢᠬᠤ ᠪᠠ 15 ᠲᠦᠮᠡᠨ ᠮᠤ᠋ ᠨᠤᠲᠤᠭ ᠪᠡᠯᠴᠢᠭᠡᠷ ᠢ ᠰᠠᠶᠢᠵᠢᠷᠠᠭᠤᠯᠬᠤ ᠠᠵᠢᠯ ᠢ ᠪᠡᠶᠡᠯᠡᠬᠦᠯᠪᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠤᠨ᠂ 1.12 ᠳ᠋ᠦᠩᠰᠢᠭᠤᠷ ᠲᠥᠭᠦᠷᠢᠭ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠲᠠᠷᠬᠠᠭᠠᠵᠤ᠂ ᠨᠦᠬᠦᠪᠦᠷᠢᠯᠡᠨ ᠱᠠᠩᠨᠠᠬᠤ ᠳᠠᠯᠠᠪᠠᠢ 3413 ᠲᠦᠮᠡᠨ ᠮᠦ ᠳᠤ ᠬᠦᠷᠴᠦ᠂ 12550 ᠬᠥᠮᠦᠨ ᠠᠰᠢᠭ ᠬᠦᠷᠲᠡᠪᠡ᠃ ᠬᠥᠮᠦᠨ ᠤ ᠬᠦᠴᠦ ᠪᠠᠷ ᠣᠶᠢᠵᠢᠭᠤᠯᠬᠤ ᠢᠨᠵᠧᠨᠧᠷᠢᠩ ᠢ 4000 ᠮᠦ ᠬᠡᠷᠡᠭᠵᠢᠭᠦᠯᠵᠦ᠂ 360 ᠮᠦ ᠭᠤᠣᠯᠳᠠᠯᠭ᠎ᠠ ᠲᠠᠢ ᠤᠷᠤᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 5 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠵᠠᠶᠢᠯᠠᠪᠠ᠃ ᠬᠡᠭᠡᠷ᠎ᠡ ᠶᠢᠨ ᠡᠮ ᠤᠨ ᠮᠠᠲ᠋ᠧᠷᠢᠶᠠᠯ ᠢ ᠳᠤᠷ᠎ᠠ ᠪᠠᠷ ᠢᠶᠠᠨ ᠳᠡᠬᠦᠵᠦ ᠮᠠᠯᠲᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠲᠦᠮᠵᠢᠲᠡᠶ ᠬᠠᠮᠠᠭᠠᠯᠠᠪᠠ᠃ ᠭᠤᠣᠯ ᠨᠠᠭᠤᠷ ᠢ ᠬᠠᠮᠢᠶᠠᠷᠬᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠭᠤᠣᠯ ᠨᠢᠭᠡ ᠨᠠᠭᠤᠷ ᠲᠤ ᠨᠢᠭᠡ ᠠᠷᠭ᠎ᠠ ᠪᠤᠳᠤᠯᠭ᠎ᠠ ᠠᠪᠬᠤ ᠶᠢ ᠪᠠᠷᠢᠮᠳᠠᠯᠠᠨ᠂ ᠭᠤᠣᠯ ᠨᠠᠭᠤᠷ ᠤᠨ ᠬᠠᠮᠢᠶᠠᠷᠤᠯᠳᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠡᠯ᠎ᠡ ᠱᠠᠲᠤᠨ ᠤ ᠭᠤᠣᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠭᠤᠤᠯ ᠨᠠᠭᠤᠷ ᠢ 671 ᠤᠳᠠᠭ᠎ᠠ ᠲᠣᠭᠤᠷᠢᠨ ᠬᠠᠮᠠᠭᠠᠯᠠᠵᠦ᠂ ᠭᠤᠣᠯ ᠨᠠᠭᠤᠷ ᠤᠨ ᠬᠠᠮᠢᠶᠠᠷᠤᠯᠳᠠ ᠡᠳᠦᠷ ᠢᠷᠡᠬᠦᠶ᠎ᠡ ᠳᠦᠷᠢᠮᠵᠢᠪᠡ᠃ ᠭᠤᠤᠯ ᠨᠠᠭᠤᠷ ᠤᠨ ᠳᠣᠲᠣᠷ᠎ᠠ ᠭᠠᠳᠠᠨᠠᠬᠢ ᠠᠮᠢ ᠠᠬᠤᠶ ᠶᠢᠨ ᠬᠠᠯᠬᠠᠪᠴᠢ ᠶᠢ ᠪᠠᠬᠢᠯᠡᠵᠦ᠂ 3.2 ᠲᠦᠮᠡᠨ ᠠᠮᠢᠳᠦ ᠵᠢᠭᠠᠰᠤ ᠵᠢᠷᠠᠭᠠᠬᠠᠶ ᠶᠢ ᠭᠤᠤᠯ ᠳᠤ ᠳᠠᠯᠪᠢᠨ ᠦᠷᠡᠵᠢᠭᠦᠯᠵᠦ᠂ ᠭᠤᠤᠯ ᠨᠠᠭᠤᠷ ᠤᠨ ᠡᠷᠬᠢ ᠳᠠᠭᠠᠤ 1556 ᠲᠣᠨ ᠬᠤᠭ ᠨᠣᠪᠰᠢ ᠶᠢ ᠴᠡᠪᠡᠷᠯᠡᠪᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠰᠤᠨ ᠤ ᠰᠤᠷᠪᠤᠯᠵᠢᠳᠦ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠴᠡᠪᠡᠷᠯᠡᠨ ᠪᠠᠶᠢᠴᠠᠭᠠᠵᠤ ᠴᠡᠭᠴᠡᠯᠡᠨ ᠵᠠᠰᠠᠪᠠ᠃ ︽ᠲᠠᠷᠢᠶᠠᠨ ᠭᠠᠵᠠᠷ ᠲᠤ ᠨᠡᠷ᠎ᠡ ᠪᠤᠷᠤᠭᠤᠯᠠᠵᠤ ᠪᠠᠶᠢᠭᠤᠯᠤᠭᠰᠠᠨ ᠬᠡᠷ ᠪᠠᠶᠢᠰᠢᠩ︾᠎ ᠢ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠵᠦ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠭᠠᠵᠠᠷ ᠪᠣᠯᠭᠠᠬᠤ ᠠᠴᠠ ᠡᠷᠡᠰ ᠰᠡᠷᠭᠡᠶᠢᠯᠡᠪᠡ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠤᠷᠤᠭᠰᠢᠲᠠᠶ ᠶᠠᠪᠤᠠᠠᠳᠠᠵᠦ᠂ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠥᠪᠡᠷᠲᠡᠭᠡᠨ ᠵᠠᠰᠠᠬᠤ ᠣᠷᠣᠨ ᠤ ᠬᠢᠨᠠᠨ ᠬᠠᠷᠭᠤᠭᠤᠯᠤᠯᠲᠠ ᠶᠢ ᠦᠩᠭᠡᠷᠡᠬᠦᠯᠪᠡ᠃ ᠠᠮᠢ ᠠᠬᠤᠶ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠦᠷᠬᠦᠯᠵᠢᠯᠡᠬᠦᠶᠢᠴᠡ ᠬᠥᠭᠵᠢᠯᠲᠡ ᠶᠢᠨ ᠣᠷᠣᠨ ᠵᠠᠶ ᠶᠢᠨ ᠵᠢᠷᠤᠭ ᠲᠦᠯᠦᠪᠯᠡᠭᠡ ᠶᠢ ᠪᠠᠶᠢᠭᠤᠯᠪᠠ᠃ ︽12369︾ ᠦᠢᠯᠡᠴᠢᠯᠡᠬᠦ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ 10 ᠣᠷᠴᠢᠨ ᠳᠤᠭᠤᠷᠢᠨ ᠤ ᠪᠤᠬᠢᠷᠳᠤᠯ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠦᠢᠴᠡᠳᠭᠡᠵᠦ ᠳᠠᠭᠤᠰᠬᠠᠭᠠᠳ᠂ ᠬᠡᠷᠡᠭ ᠬᠦᠢᠴᠡᠳᠭᠡᠨ ᠳᠠᠭᠤᠰᠬᠠᠭᠰᠠᠨ ᠨᠤᠷᠮ᠎ᠠ᠂ ᠤᠯᠠᠨ ᠲᠦᠮᠡᠨ ᠤ ᠬᠠᠨᠤᠮᠵᠢ ᠶᠢᠨ ᠨᠤᠷᠮ᠎ᠠ 100%᠎ ᠳᠤ ᠬᠦᠷᠪᠡ᠃        ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠬᠦᠴᠦᠷᠬᠡᠭᠵᠢᠭᠦᠯᠬᠦ ᠶᠢ ᠪᠠᠷᠢᠮᠳᠠᠯᠠᠨ᠂ ᠪᠥᠬᠦ ᠬᠦᠴᠦᠨ ᠢᠶᠠᠷ ᠢᠶᠠᠨ ᠶᠠᠰᠤ ᠴᠢᠨᠠᠷ ᠢ ᠳᠡᠭᠡᠭᠰᠢᠯᠡᠭᠦᠯᠦᠨ ᠳᠦᠷᠢ ᠲᠥᠷᠬᠦ ᠶᠢ ᠱᠤᠭᠤᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠴᠤ᠋ ᠰᠢᠨ᠎ᠡ ᠪᠣᠯᠪᠠ᠃ ᠬᠤᠲᠠ ᠪᠠᠯᠭᠠᠰᠦ ᠶᠢᠨ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢᠯᠠᠯᠳᠠ᠂ ᠪᠦᠲᠦᠭᠡᠨ ᠪᠠᠶᠢᠭᠤᠯᠤᠯᠲᠠ ᠶᠢᠨ ᠤᠳᠤᠬᠢᠴᠢᠯᠠᠯᠳᠠ᠂ ᠬᠠᠮᠢᠶᠠᠷᠤᠯᠲᠠ ᠶᠢᠨ ᠨᠠᠷᠢᠯᠢᠠᠠᠵᠢᠯᠳᠠ ᠶᠢ ᠢᠳᠡᠪᠬᠢᠲᠡᠢ ᠲᠦᠯᠬᠢᠨ ᠠᠬᠢᠭᠤᠯᠵᠤ᠂ ᠣᠳᠣ ᠦᠶ᠎ᠡ ᠶᠢᠨ ᠬᠤᠲᠠ ᠪᠠᠯᠭᠠᠰᠦ ᠶᠢᠨ ᠶᠠᠰᠤ ᠴᠢᠨᠠᠷ ᠳᠡᠭᠡᠭᠰᠢᠯᠡᠯᠳᠡ ᠲᠠᠢ ᠪᠤᠯᠪᠠ᠃ 1.64 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠢᠯᠴᠢ ᠶᠢᠨ ᠡᠬᠢ ᠰᠤᠷᠪᠤᠯᠵᠢ ᠶᠢ ᠰᠢᠨ᠎ᠡ ᠪᠠᠷ ᠪᠠᠶᠢᠭᠤᠯᠬᠤ᠂ ᠰᠡᠭᠡᠭᠡᠳᠡᠨ ᠮᠦᠽᠧᠢ ᠶᠢ ᠵᠠᠰᠠᠨ ᠰᠢᠨᠡᠳᠭᠡᠵᠦ ᠲᠡᠰ ᠲᠡᠪᠰᠢᠬᠦᠯᠬᠦ᠂ ᠤᠰᠤᠨ ᠤ ᠦᠢᠯᠡᠳᠪᠦᠷᠢ ᠶᠢ ᠥᠷᠭᠡᠳᠬᠡᠨ ᠪᠠᠶᠢᠭᠤᠯᠵᠦ ᠵᠠᠰᠠᠨ ᠰᠢᠨᠡᠳᠭᠡᠬᠦ᠂ ᠤᠰᠤᠨ ᠤ ᠰᠤᠷᠪᠤᠯᠵᠢᠳᠦ ᠭᠠᠵᠠᠷ ᠢ ᠪᠢᠲᠡᠭᠦᠮᠵᠢᠯᠡᠨ ᠥᠷᠭᠡᠳᠬᠡᠨ ᠪᠠᠶᠢᠭᠤᠯᠬᠤ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠵᠡᠷᠭᠡ ᠢᠨᠵᠧᠨᠧᠷᠢᠩ ᠢ ᠭᠡᠷᠡᠭᠵᠢᠬᠦᠯᠪᠡ᠃ 4561 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠦᠨᠳᠦᠰᠦᠲᠡᠨ ᠤ ᠰᠣᠶᠣᠯ ᠤᠨ ᠲᠥᠪ᠂ ᠡᠷᠦᠬᠡ ᠶᠢᠨ ᠴᠡᠷᠢᠭ ᠤᠨ ᠪᠤᠯᠪᠠᠰᠤᠷᠠᠯ ᠤᠨ ᠰᠠᠭᠤᠷᠢᠨ ᠭᠠᠵᠠᠷ ᠵᠡᠷᠭᠡ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤᠮᠳᠠᠬᠢ ︽ᠬᠠᠭᠠᠰ ᠳᠤᠳᠠᠭᠤ ᠢᠨᠵᠧᠨᠧᠷᠢᠩ︾᠎ ᠢ ᠪᠡᠶᠡᠯᠡᠬᠦᠯᠪᠡ᠃ 10 ᠲᠦᠷᠦ ᠶᠢᠨ ᠪᠠᠶᠢᠭᠤᠯᠭ᠎ᠠ ᠶᠢᠨ ᠲᠦᠷᠢᠮᠳᠦ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠦ᠂ 7 ᠰᠤᠮᠤ ᠪᠠᠯᠭᠠᠰᠦ ᠳᠤ ᠰᠢᠨ᠎ᠡ ᠪᠠᠷ 864 ᠭᠡᠷ ᠤᠨ ᠵᠣᠷᠯᠣᠩ ᠪᠠᠶᠢᠭᠤᠯᠤᠨ᠂ 11 ᠪᠢᠳᠡᠬᠦᠮᠵᠢᠯᠡᠬᠦ ᠮᠠᠶ᠋ᠢᠭ ᠤᠨ ᠬᠤᠭ ᠨᠤᠪᠰᠢ ᠵᠦᠭᠡᠭᠡᠪᠦᠷᠢᠯᠡᠬᠦ ᠳᠡᠷᠭᠡ ᠬᠤᠳᠠᠯᠳᠤᠨ ᠠᠪᠴᠤ᠂ 1 ᠬᠤᠭ ᠨᠣᠪᠰᠢ ᠳᠠᠮᠵᠢᠭᠤᠯᠤᠨ ᠵᠦᠭᠡᠭᠡᠪᠦᠷᠢᠯᠡᠬᠦ ᠥᠷᠲᠡᠭᠡ ᠪᠠᠶᠢᠭᠤᠯᠤᠨ᠂ 1840 ᠬᠤᠭ ᠨᠣᠪᠰᠢ ᠶᠢᠨ ᠬᠠᠶᠢᠷᠴᠠᠭ ᠲᠣᠬᠢᠷᠠᠭᠤᠯᠵᠤ᠂ ᠮᠠᠯᠵᠢᠬᠤ ᠤᠷᠤᠨ ᠤ ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠳᠤᠭᠤᠷᠢᠨ ᠪᠦᠳᠦᠮᠵᠢᠳᠡᠢ ᠰᠠᠶᠢᠵᠢᠷᠠᠪᠠ᠃ ᠵᠠᠮ ᠤᠨ ᠲᠣᠣᠷ ᠤᠨ ᠴᠢᠳᠠᠪᠬᠢ ᠲᠠᠰᠤᠷᠠᠯᠲᠠ ᠦᠭᠡᠢ ᠲᠡᠭᠦᠯᠳᠡᠷᠵᠢᠵᠦ᠂ ᠠᠳᠤᠭᠤᠨᠴᠢᠯᠠᠭᠤ ᠠᠴᠠ ᠠᠷᠤᠬᠠᠰᠢᠶᠠᠳᠦ ᠪᠠᠯᠭᠠᠰᠤ ᠬᠦᠷᠬᠦ ᠵᠠᠰᠠᠮᠠᠯ ᠵᠠᠮ ᠢ ᠪᠠᠷᠢᠵᠦ ᠡᠬᠢᠯᠡᠪᠡ᠃ ︽ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠤᠮᠤ ᠪᠠᠯᠭᠠᠰᠦ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠥᠷᠲᠡᠭᠡ ᠶᠢ ᠪᠠᠶᠢᠭᠤᠯᠤᠨ᠂ ᠵᠠᠮ ᠤᠨ ᠭᠠᠳᠠᠷᠭᠤ ᠵᠠᠮ ᠤᠨ ᠳᠠᠯᠠᠩ ᠢ 61.4 ᠺᠢᠯᠣᠮᠧᠲᠷ ᠵᠠᠰᠠᠵᠦ᠂ ᠣᠯᠠᠨ ᠲᠦᠮᠡᠨ ᠶᠠᠪᠤᠵᠤ ᠰᠠᠭᠤᠬᠤ ᠳᠤ ᠨᠠᠩ ᠳᠥᠭᠦᠮ ᠪᠤᠯᠪᠠ᠃ ︽ᠭᠤᠷᠪᠠᠨ ᠬᠠᠩᠭᠠᠯᠭ᠎ᠠ ᠨᠢᠭᠡ ᠭᠡᠷ ᠠᠬᠤᠢ︾᠎ ᠶᠢᠨ ᠵᠠᠰᠠᠨ ᠰᠢᠨᠡᠳᠭᠡᠬᠦ ᠠᠵᠢᠯ ᠢ ᠲᠦᠯᠬᠢᠨ ᠠᠬᠢᠭᠤᠯᠵᠤ᠂ 4.4 ᠺᠢᠯᠣᠮᠧᠲᠷ ᠢᠯᠴᠢ ᠬᠠᠩᠭᠠᠬᠤ ᠬᠤᠭᠤᠯᠠᠢ ᠲᠣᠣᠷ᠂ 4 ᠺᠢᠯᠣᠮᠧᠲᠷ ᠤᠰᠤ ᠬᠠᠩᠭᠠᠬᠤ ᠬᠤᠭᠤᠯᠠᠢ ᠲᠣᠣᠷ᠂ 113 ᠺᠢᠯᠣᠮᠧᠲᠷ ᠴᠠᠬᠢᠯᠭᠠᠨ ᠬᠦᠴᠦᠨ ᠤ ᠱᠤᠭᠤᠮ ᠢ ᠰᠢᠨ᠎ᠡ ᠪᠠᠷ ᠵᠠᠰᠠᠨ ᠰᠢᠨᠡᠳᠭᠡᠵᠦ᠂ ᠭᠡᠷ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠠᠯᠬᠤᠮ ᠠᠯᠬᠤᠮ ᠢᠶᠠᠷ ᠳᠦᠷᠢᠮᠵᠢᠪᠡ᠃ ᠪᠣᠭᠳᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠴᠢᠳᠠᠮᠵᠢ ᠳᠡᠬᠦᠯᠳᠡᠷᠵᠢᠨ᠂ ᠳᠣᠤᠷ᠎ᠠ ᠠᠭᠠᠷ ᠲᠤ ᠵᠤᠭᠠᠴᠠᠨ ᠲᠣᠭᠤᠷᠢᠬᠤ ᠠᠶᠠᠯᠠᠯ ᠤᠨ ᠱᠤᠭᠤᠮ ᠢ ᠨᠡᠮᠡᠨ ᠳᠤᠬᠢᠷᠠᠭᠤᠯᠵᠦ᠂ ᠪᠦᠬᠦ ᠵᠢᠯ ᠳᠤ 784 ᠨᠢᠰᠭᠡᠯ ᠤᠳᠠᠭ᠎ᠠ ᠨᠢᠰᠴᠦ᠂ ᠭᠠᠷᠠᠮ ᠢᠶᠠᠷ ᠣᠷᠣᠵᠤ ᠭᠠᠷᠤᠭᠰᠠᠨ ᠠᠶᠠᠨᠴᠢᠳ 2611 ᠬᠥᠮᠦᠨ ᠤᠳᠠᠭ᠎ᠠ ᠳᠤ ᠬᠦᠷᠪᠡ᠃        ᠨᠢᠭᠡ ᠵᠢᠯ ᠤᠨ ᠲᠤᠷᠰᠢ᠂ ᠪᠢᠳᠡ ᠬᠦᠴᠦ ᠰᠡᠳᠬᠢᠯ ᠨᠢᠭᠡᠳᠦᠨ᠂ ᠥᠭᠡᠷᠡᠴᠢᠯᠡᠯᠲᠡ ᠪᠠᠷ ᠬᠥᠭᠵᠢᠯᠲᠡ ᠶᠢ ᠲᠦᠯᠬᠢᠨ ᠠᠬᠢᠭᠤᠯᠵᠤ᠂ ︽ᠳᠠᠯᠪᠢᠬᠤ᠂ ᠬᠠᠮᠢᠶᠠᠷᠬᠤ᠂ ᠦᠢᠯᠡᠴᠢᠯᠡᠬᠦ︾ ᠠᠵᠢᠯ ᠤᠨ ᠠᠰᠢᠭ ᠲᠤᠰᠠ ᠶᠢ ᠠᠷᠠᠳ ᠣᠯᠠᠨ ᠳᠤ ᠳᠠᠰᠤᠷᠠᠯᠳᠠ ᠥᠬᠡᠶ ᠬᠦᠷᠲᠡᠭᠡᠪᠡ᠃  ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠬᠦᠯᠪᠡ᠃ ᠠᠵᠢᠯ ᠦᠢᠯᠡᠰ ᠤᠨ ᠨᠢᠭᠡᠴᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠪᠠᠨ ᠳᠤ ᠬᠡᠷᠡᠭᠯᠡᠬᠦ ᠲᠡᠷᠭᠡ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠠᠯᠪᠠᠨ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠯᠪᠠᠨ ᠳᠤ ᠬᠡᠷᠡᠭᠯᠡᠬᠦ ᠲᠡᠷᠭᠡ ᠶᠢᠨ ᠲᠦᠷᠢᠮ ᠡᠳᠦᠷ ᠢᠷᠡᠬᠦᠶ᠎ᠡ ᠲᠡᠭᠦᠯᠳᠡᠷᠵᠢᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ + ᠬᠢᠨᠠᠯᠲᠠ ᠬᠠᠮᠢᠶᠠᠷᠤᠯᠲᠠ︾᠎ ᠶᠢᠨ ᠦᠭᠡᠷᠡᠴᠢᠯᠡᠯᠳᠡ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ︽ᠳᠠᠷᠦ᠋ᠢᠬᠠᠨ ᠬᠦᠢᠴᠡᠳᠭᠡᠬᠦ᠂ ᠰᠦᠯᠵᠢᠶᠡᠨ ᠳᠡᠭᠡᠷ᠎ᠡ ᠬᠦᠢᠴᠡᠳᠭᠡᠬᠦ᠂ ᠨᠢᠭᠡ ᠯᠡ ᠤᠳᠠᠭ᠎ᠠ ᠳᠤ ᠬᠦᠢᠴᠡᠳᠭᠡᠬᠦ᠂ ᠤᠶᠢᠷ᠎ᠠ ᠬᠠᠪᠢ ᠳᠤ ᠪᠠᠨ ᠬᠦᠢᠴᠡᠳᠭᠡᠬᠦ︾ ᠬᠢᠨᠠᠨ ᠵᠦᠪᠰᠢᠶᠡᠷᠡᠯ ᠤᠨ ᠦᠢᠯᠡᠴᠢᠯᠡᠭᠡᠨ ᠤ ᠭᠠᠷᠴᠠᠭ ᠤᠨ ᠨᠠᠷᠢᠨ ᠲᠠᠩᠰᠠ ᠶᠢ 705 ᠵᠦᠢᠯ ᠨᠡᠶᠢᠳᠡᠯᠡᠨ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ 228 ᠵᠦᠢᠯ ᠳᠣᠭᠢᠷᠠᠭᠤᠯᠵᠤ᠂ ᠬᠢᠨᠠᠨ ᠵᠦᠪᠰᠢᠶᠡᠷᠡᠯ ᠪᠠ ᠦᠢᠯᠡᠴᠢᠯᠡᠭᠡᠨ ᠤ ᠵᠦᠢᠯᠡᠰ ᠢ 77254 ᠬᠤᠪᠢ ᠬᠦᠢᠴᠡᠳᠭᠡᠨ ᠳᠠᠭᠤᠰᠬᠠᠪᠠ᠃ ᠠᠵᠤ ᠠᠬᠤᠶᠢᠯᠠᠯ ᠤᠨ ᠳᠠᠩᠰᠠᠯᠠᠭᠤᠯᠬᠤ ᠪᠦᠬᠦ ᠶᠠᠪᠤᠴᠠ ᠶᠢ ᠡᠯᠧᠺᠲᠷᠤᠨᠴᠢᠯᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ 158 ᠠᠵᠦ ᠠᠬᠤᠶᠢᠯᠠᠯ ᠢ ᠬᠢᠨᠠᠨ ᠵᠥᠪᠰᠢᠶᠡᠷᠡᠵᠦ ᠳᠠᠩᠰᠠᠯᠠᠬᠤ ᠪᠠ 651 ᠠᠵᠦ ᠠᠬᠤᠶᠢᠯᠠᠯ ᠤᠨ ︽ᠭᠡᠷᠡᠴᠢ ᠪᠠ ᠦᠨᠡᠮᠯᠡᠯ ᠢ ᠰᠠᠯᠭᠠᠬᠤ︾᠎ ᠶᠢ ᠪᠡᠶᠡᠯᠡᠭᠦᠯᠵᠦ᠂ ᠠᠷᠠᠳ ᠣᠯᠠᠨ ᠶᠠᠪᠤᠳᠠᠯ ᠬᠦᠢᠴᠡᠳᠭᠡᠬᠦ ᠳᠤ ᠨᠠᠩ ᠳᠥᠭᠦᠮ ᠪᠣᠯᠵᠤ᠂ ︽ᠨᠢᠭᠡ ᠯᠡ ᠡᠭᠦᠳᠡ ᠪᠠᠷ ᠤᠷᠤᠵᠦ︾ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠬᠦᠶᠦᠵᠦ︾᠂ ᠬᠠᠨᠤᠮᠵᠢ ᠶᠢᠨ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠪᠡ᠃ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠠᠶᠢᠯᠢ ᠲᠤᠰᠢᠶᠠᠭᠴᠢᠳ ᠤᠨ ᠡᠯ᠎ᠡ ᠵᠦᠢᠯ ᠤᠨ ᠭᠠᠶᠢᠯᠢ ᠰᠦᠢᠳᠭᠡᠯ ᠢ 1.21 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠠᠮᠢ ᠠᠬᠤᠶ ᠣᠷᠴᠢᠨ ᠲᠣᠭᠤᠷᠢᠨ ᠤ ᠪᠠᠶᠢᠭᠤᠯᠤᠮᠵᠢ ᠶᠢᠨ ᠪᠠᠶᠢᠴᠠᠭᠠᠨ ᠰᠢᠯᠭᠠᠵᠤ ᠬᠠᠤᠯᠢ ᠬᠡᠷᠡᠭᠵᠢᠭᠦᠯᠬᠦ ᠶᠢ ᠰᠢᠭᠤᠳ ᠬᠠᠮᠢᠶᠠᠷᠬᠤ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠵᠢᠭᠦᠯᠵᠦ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠢ 22 ᠤᠳᠠᠭ᠎ᠠ ᠪᠠᠭᠤᠯᠭᠠᠵᠤ᠂ ᠬᠠᠤᠯᠢ ᠭᠡᠷᠡᠭᠵᠢᠬᠦᠯᠦᠯᠳᠡ ᠶᠢᠨ ︽ᠭᠤᠷᠪᠠ ᠶᠢ ᠴᠡᠪᠡᠷᠯᠡᠬᠦ︾᠎ ᠶᠢ ᠪᠡᠶᠡᠯᠡᠭᠦᠯᠪᠡ᠃        ᠨᠢᠭᠡ ᠵᠢᠯ ᠤᠨ ᠲᠤᠷᠰᠢ᠂ ᠪᠢᠳᠡ ᠬᠥᠮᠦᠨ ᠢᠶᠠᠷ ᠦᠨᠳᠦᠰᠦ ᠪᠤᠯᠭᠠᠨ᠂ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠰᠠᠶᠢᠵᠢᠷᠠᠪᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠠᠪᠤᠳᠠᠯ ᠢ ᠢᠮᠠᠭᠲᠠ ᠡᠯ᠎ᠡ ᠵᠦᠢᠯ ᠤᠨ ᠠᠵᠢᠯ ᠤᠨ ᠡᠭᠦᠰᠦᠯᠳᠡ ᠶᠢᠨ ᠴᠡᠭ ᠪᠠ ᠵᠤᠭᠰᠤᠯᠳᠠ ᠶᠢᠨ ᠴᠡᠭ ᠪᠤᠯᠭᠠᠨ᠂ ᠡᠳ᠋ ᠤᠨ ᠬᠦᠴᠦᠨ ᠤ ᠵᠠᠷᠤᠯᠭ᠎ᠠ 7.95 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠬᠤᠪᠢ ᠶᠢᠨ ᠵᠢᠩ ᠤᠨ 74%᠎ ᠶᠢ ᠡᠵᠡᠯᠡᠪᠡ᠃ ᠦᠢᠯᠡᠰ ᠪᠤᠰᠬᠠᠵᠦ ᠠᠵᠢᠯ ᠤᠯᠭᠤᠬᠤ ᠶᠢ ᠴᠢᠩᠭᠠᠳᠬᠠᠵᠤ᠂ ᠬᠤᠲᠠ ᠪᠠᠯᠭᠠᠰᠦ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ 401 ᠬᠦᠮᠦᠨ ᠪᠤᠯᠵᠦ᠂ 417 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠳᠤᠯᠠᠭ᠎ᠠ ᠶᠢᠨ ᠵᠢᠭᠡᠯᠡᠯᠭᠡ ᠲᠠᠷᠬᠠᠭᠠᠪᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠲᠡᠭᠦᠯᠳᠡᠷᠵᠢᠵᠦ᠂ ︽ᠪᠠᠲᠤᠯᠠᠪᠠᠰᠤ ᠵᠣᠬᠢᠬᠤ ᠶᠢ ᠪᠦᠬᠦᠨ ᠢ ᠪᠠᠳᠤᠯᠠᠵᠦ᠂ ᠪᠤᠴᠠᠭᠠᠪᠠᠰᠤ ᠵᠣᠬᠢᠬᠤ ᠶᠢ ᠪᠦᠬᠦᠨ ᠢ ᠪᠤᠴᠠᠭᠠᠬᠤ︾᠎ ᠶᠢ ᠴᠢᠩᠳᠠᠯᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠮᠥᠩᠭᠦ ᠶᠢ 1308 ᠲᠦᠮᠡᠨ ᠲᠥᠭᠦᠷᠢᠭ ᠲᠠᠷᠬᠠᠭᠠᠪᠠ᠃ ︽ᠪᠠᠴᠢᠮ ᠬᠦᠴᠢᠷ ᠠᠴᠠ ᠠᠪᠤᠷᠠᠬᠤ︾ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ 220 ᠶᠠᠳᠠᠭᠤ ᠬᠦᠴᠢᠷᠳᠡᠯᠲᠡᠢ ᠣᠯᠠᠨ ᠲᠦᠮᠡᠨ ᠳᠤ 113 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠲᠡᠭᠦᠯᠳᠡᠷᠵᠢᠵᠦ᠂ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠲᠥᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠵᠦ᠂ 80 ᠨᠠᠰᠤᠨ ᠠᠴᠠ ᠳᠡᠭᠡᠭᠰᠢᠬᠢ 286 ᠨᠠᠰᠤᠲᠠᠶᠢᠴᠤᠳ ᠲᠤ 35 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠠᠰᠢᠭᠯᠠᠯᠲᠠ ᠳᠤ ᠣᠷᠣᠵᠤ᠂ ᠵᠡᠮᠳᠡᠭᠴᠦᠳ ᠤᠨ ᠡᠯ᠎ᠡ ᠲᠥᠷᠥᠯ ᠤᠨ ᠨᠥᠬᠦᠪᠥᠷᠢ ᠶᠢ 148 ᠲᠦᠮᠡᠨ ᠲᠥᠭᠦᠷᠢᠭ ᠲᠠᠷᠬᠠᠭᠠᠪᠠ᠃ ᠬᠤᠶᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ᠂ ᠪᠠᠯᠭᠠᠰᠦᠨ ᠤ ᠲᠣᠭᠤᠷᠢᠭ ᠤᠨ ᠵᠠᠮ᠂ ᠵᠡᠭᠡᠯᠢ ᠭᠤᠳᠤᠮᠵᠢ᠂ ᠠᠰᠠᠷ᠂ ᠬᠤᠳᠠᠯᠳᠤᠭᠠᠨ ᠤ ᠡᠷᠦᠬᠡ᠂ ᠠᠰᠠᠷ ᠤᠨ ᠨᠢᠭᠡᠴᠡ ᠶᠢᠨ ᠢᠯᠭᠠᠬᠤ ᠫᠠᠶᠢᠰᠠ ᠶᠢ 12245 ᠦᠢᠯᠡᠳᠪᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠷᠣᠰᠢᠭᠤᠯᠭ᠎ᠠ ᠶᠢᠨ ᠣᠷᠳᠣᠨ ᠤ ᠡᠵᠡᠩᠨᠡᠯᠲᠡ ᠨᠠᠩ ᠲᠦᠷᠢᠮᠵᠢᠪᠡ᠃ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠠᠮᠢᠶᠠᠷᠤᠯᠲᠠ ᠶᠢ ᠴᠢᠩᠭᠠᠳᠬᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠳᠡᠭᠡᠭᠰᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠵᠠᠭᠪᠤᠷ ᠢ ᠰᠦᠪᠡᠭᠴᠢᠯᠡᠨ᠂ ᠤᠨᠴᠠᠭᠠᠢ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠵᠦ᠂ ᠪᠠᠭᠰᠢ ᠶᠢᠨ ᠬᠦᠴᠦᠨ ᠲᠡᠭᠦᠯᠳᠡᠷᠵᠢᠨ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠰᠤᠯᠢᠯᠴᠠᠨ ᠠᠵᠢᠯ ᠤᠨ ᠪᠠᠶᠢᠷᠢ ᠡᠭᠡᠯᠵᠢᠯᠡᠭᠦᠯᠬᠦ ᠲᠤᠭᠳᠠᠴᠠ ᠶᠢ ᠪᠠᠶᠢᠭᠤᠯᠵᠤ᠂ ᠠᠩᠭᠢ ᠶᠢᠨ ᠡᠷᠬᠢᠯᠡᠭᠴᠢ ᠶᠢᠨ ᠨᠡᠮᠡᠭᠦᠷᠢ ᠵᠤᠭᠤᠰ ᠢ ᠰᠠᠷ᠎ᠠ ᠪᠦᠷᠢ 600 ᠲᠥᠭᠦᠷᠢᠭ ᠪᠣᠯᠭᠠᠨ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠰᠠᠭᠤᠷᠢ ᠲᠦᠬᠦᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠣᠯᠠᠨ ᠴᠢᠳᠠᠮᠵᠢᠲᠤ ᠬᠦᠳᠡᠯᠭᠡᠭᠡᠨ ᠤ ᠲᠠᠰᠤᠭ᠂ ᠶᠡᠷᠦᠩᠬᠡᠶᠢᠯᠡᠭᠰᠡᠨ ᠲᠤᠷᠰᠢᠯᠲᠠ ᠶᠢᠨ ᠲᠠᠰᠤᠭ᠂ ᠭᠠᠵᠠᠷ ᠵᠦᠶ ᠶᠢᠨ ᠳᠤᠭᠠᠴᠢᠯᠠᠭᠰᠠᠨ ᠬᠢᠴᠢᠶᠡᠯ ᠤᠨ ᠭᠡᠷ ᠵᠢᠴᠢ ᠰᠢᠨᠵᠢᠯᠡᠬᠦ ᠤᠬᠠᠭᠠᠨ ᠤ ᠬᠢᠴᠢᠶᠡᠯ ᠤᠨ ᠴᠢᠳᠠᠮᠵᠢ ᠶᠢᠨ ᠭᠡᠷ ᠵᠡᠷᠭᠡ ᠵᠢᠭᠠᠨ ᠰᠤᠷᠭᠠᠯᠳᠠ ᠳᠤ ᠬᠠᠪᠰᠤᠷᠤᠮᠵᠢ ᠪᠣᠯᠬᠤ ᠭᠡᠷ ᠪᠠᠶᠢᠰᠢᠩ ᠢ ᠰᠢᠨ᠎ᠡ ᠪᠠᠷ ᠪᠠᠶᠢᠭᠤᠯᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠳᠦ ᠶᠢ ᠲᠦᠯᠬᠢᠨ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮ ᠤᠨ ᠵᠦᠢᠯ ᠤᠨ ︽ᠵᠥᠷᠢᠶ᠎ᠡ ᠥᠬᠡᠶ ᠦᠨ᠎ᠡ︾᠎ ᠪᠠᠷ ᠪᠣᠷᠣᠯᠠᠭᠤᠯᠬᠤ ᠲᠦᠷᠢᠮ ᠲᠡᠭᠦᠯᠳᠡᠷᠵᠢᠵᠦ᠂ ᠠᠷᠠᠳ ᠣᠯᠠᠨ ᠤ ᠡᠪᠡᠳᠴᠢᠨ ᠦᠵᠡᠬᠦᠯᠬᠦ ᠳᠠᠷᠤᠭᠠᠰᠤ ᠶᠢ ᠬᠥᠩᠭᠡᠷᠡᠭᠦᠯᠦᠨ᠂ ᠣᠯᠠᠨ ᠲᠦᠮᠡᠨ ᠤ ᠡᠮᠨᠡᠭᠦᠯᠬᠦ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ 2019 ᠣᠨ ᠤ ︽ᠨᠢᠭᠡ ᠪᠦᠰᠡ ᠨᠢᠭᠡ ᠵᠠᠮ· ᠭᠡᠷᠡᠯᠳᠦ ᠠᠶᠠᠯᠠᠯ︾ ᠮᠣᠩᠭᠤᠯ ᠤᠯᠤᠰ ᠤᠨ ᠠᠵᠢᠯᠯᠠᠭ᠎ᠠ ᠶᠢ ᠲᠦᠯᠬᠢᠨ ᠠᠬᠢᠭᠤᠯᠬᠤ ᠬᠤᠷᠠᠯ ᠵᠢᠴᠢ ᠪᠥᠬᠦ ᠣᠷᠣᠨ ᠤ ︽ᠭᠡᠷᠡᠯᠳᠦ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ ᠬᠢᠪᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠴᠦ᠂ ᠨᠣᠮ ᠤᠨ ᠰᠠᠩ᠂ ᠰᠤᠶᠤᠯ ᠤᠨ ᠣᠷᠳᠣᠨ ᠤ ᠰᠢᠰᠲ᠋ᠧᠮᠵᠢᠭᠦᠯᠬᠦ᠂ ᠰᠦᠯᠵᠢᠶᠡᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠣᠯᠠᠨ ᠲᠦᠮᠡᠨ ᠤ ᠵᠠᠭᠤᠨ ᠡᠳᠦᠷ ᠤᠨ ᠤᠷᠠᠨ ᠰᠠᠶᠢᠬᠠᠨ ᠤ ᠲᠣᠭᠯᠠᠯᠲᠠ︾᠂ ︽ᠪᠢᠴᠢᠭ ᠤᠨ ᠦᠨᠦᠷ ᠬᠠᠩᠬᠤᠯᠤᠭᠰᠠᠨ ᠰᠢᠨ᠎ᠡ ᠪᠠᠷᠭᠤ ᠪᠠᠷᠠᠭᠤᠨ ᠬᠤᠰᠢᠭᠤ︾᠂ ᠦᠨᠳᠦᠰᠦᠲᠡᠨ ᠤ ᠠᠷᠠᠳ ᠤᠨ ᠲᠠᠯᠠᠪᠠᠢ ᠶᠢᠨ ᠪᠥᠵᠢᠭ ᠵᠡᠷᠭᠡ ᠰᠢᠷᠢᠰ ᠭᠤᠤᠯ ᠰᠡᠳᠦᠪᠲᠦ ᠠᠵᠢᠯᠯᠠᠭ᠎ᠠ ᠶᠢ ᠲᠦᠭᠡᠮᠡᠯᠵᠢᠬᠦᠯᠵᠦ᠂ ᠠᠷᠠᠳ ᠣᠯᠠᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠪᠠ᠃ ︽ᠳᠥᠷᠪᠡᠨ ᠵᠢᠯ ᠳᠠᠷᠠᠭᠠᠯᠠᠨ︾ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠤᠯᠬᠤ ᠪᠠᠷ ᠴᠢᠷᠮᠠᠶᠢᠵᠦ᠂ ᠴᠡᠷᠢᠭ ᠠᠴᠠ ᠬᠠᠯᠠᠭᠳᠠᠭᠰᠠᠳ ᠤᠨ ᠭᠤᠷᠪᠠᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠣᠯᠭᠤᠮᠵᠢ ᠶᠢᠨ ᠪᠠᠲᠤᠯᠠᠭ᠎ᠠ ᠶᠢ ᠳᠡᠭᠡᠭᠰᠢᠯᠡᠬᠦᠯᠦᠨ᠂ ᠴᠡᠷᠢᠭ ᠠᠴᠠ ᠬᠠᠯᠠᠭᠳᠠᠭᠰᠠᠳ ᠤᠨ ᠡᠯ᠎ᠡ ᠲᠥᠷᠥᠯ ᠤᠨ ᠨᠥᠬᠦᠪᠥᠷᠢ ᠶᠢ 228 ᠲᠦᠮᠡᠨ ᠲᠥᠭᠦᠷᠢᠭ ᠲᠠᠷᠬᠠᠭᠠᠪᠠ᠃ ᠢᠯᠡ ᠲᠣᠳᠣ ᠵᠠᠬᠢᠳᠠᠯ ᠰᠤᠷᠪᠤᠯᠵᠢᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠢ 659 ᠪᠦᠯᠦᠭ 2321 ᠬᠥᠮᠦᠨ ᠤᠳᠠᠭ᠎ᠠ ᠬᠦᠯᠢᠶᠡᠨ ᠠᠪᠴᠤ᠂ ᠬᠡᠷᠡᠭ ᠬᠦᠢᠴᠡᠳᠭᠡᠨ ᠳᠠᠭᠤᠰᠬᠠᠭᠰᠠᠨ ᠨᠣᠷᠮ᠎ᠠ 100%᠎ ᠳᠤ ᠬᠦᠷᠴᠦ᠂ ᠨᠤᠲᠤᠭ ᠪᠡᠯᠴᠢᠭᠡᠷ᠂ ᠳᠡᠭᠡᠳᠦ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ᠂ ᠭᠡᠷ ᠭᠠᠵᠠᠷ ᠰᠢᠷᠣᠶ ᠶᠢᠨ ᠬᠥᠷᠥᠩᠭᠡ ᠵᠡᠷᠭᠡ ᠬᠦᠷᠢᠶᠡᠨ ᠳᠠᠬᠢ ᠨᠢᠭᠡ ᠪᠦᠯᠦᠭ ᠲᠡᠤᠬᠡᠨ ᠦᠯᠡᠳᠡᠭᠳᠡᠯ ᠠᠰᠠᠭᠤᠳᠠᠯ ᠢ ᠨᠠᠮᠳᠠᠭᠤᠯᠤᠨ ᠰᠢᠢᠳᠪᠦᠷᠢᠯᠡᠪᠡ᠃ ᠠᠶᠦᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠬᠤ︾᠎ ᠶᠢ ᠬᠡᠷᠡᠭᠵᠢᠭᠦᠯᠦᠨ᠂ ᠠᠭᠤᠷᠬᠠᠶ ᠶᠢᠨ ᠦᠢᠯᠡᠳᠪᠦᠷᠢᠯᠡᠯ ᠳᠤ ᠠᠳᠡᠯ ᠦᠬᠡᠢ ᠪᠠᠶᠢᠬᠤ ᠶᠢ ᠪᠡᠶᠡᠯᠡᠭᠦᠯᠪᠡ᠃ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ 515.4 ᠺᠢᠯᠤᠮᠧᠲᠷ ᠬᠢᠯᠢ ᠬᠢᠵᠠᠭᠠᠷ ᠤᠨ ᠭᠠᠯ ᠢ ᠰᠡᠷᠭᠡᠶᠢᠯᠡᠬᠦ ᠴᠠᠷᠠᠭ᠎ᠠ ᠶᠢ ᠨᠡᠭᠡᠭᠡᠵᠦ᠂ 4 ᠤᠳᠠᠭᠠᠨ ᠤ ᠬᠢᠯᠢ ᠶᠢᠨ ᠭᠠᠳᠠᠨᠠᠬᠢ ᠭᠠᠯ ᠢ ᠠᠮᠵᠢᠯᠲᠠ ᠲᠠᠢ ᠬᠤᠷᠢᠭᠯᠠᠨ ᠬᠠᠰᠢᠵᠦ᠂ ᠪᠦᠬᠦ ᠵᠢᠯ ᠳᠤ ᠨᠤᠲᠤᠭ ᠪᠡᠯᠴᠢᠭᠡᠷ ᠤᠨ ᠬᠦᠨᠳᠦ ᠣᠨᠴᠠ ᠶᠡᠭᠡ ᠭᠠᠯ ᠤᠨ ᠠᠶᠤᠯ ᠭᠠᠷᠤᠭᠰᠠᠨ ᠦᠭᠡᠢ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠮᠠᠯᠴᠢᠨ ᠲᠦᠮᠡᠨ ᠤ ᠳᠡᠭᠡᠳᠦ ᠬᠡᠮᠵᠢᠶ᠎ᠡ ᠪᠠᠷ ᠬᠠᠯᠠᠮᠵᠢᠯᠠᠵᠦ ᠪᠠᠶᠢᠭ᠎ᠠ ᠪᠦᠬᠦ ᠬᠤᠳᠠ ᠶᠢᠨ ᠬᠡᠪᠴᠢᠶᠡᠨ ᠎ ᠳᠠᠬᠢ ᠬᠠᠷ᠎ᠠ ᠪᠦᠯᠦᠭᠳᠡᠨ ᠬᠠᠷᠬᠢᠰ ᠬᠦᠴᠦᠨ ᠤ ᠭᠡᠷᠡᠭ ᠢ ᠠᠮᠵᠢᠯᠳᠠ ᠲᠠᠢ ᠡᠪᠳᠡᠭᠰᠡᠨ ᠠᠩᠬᠠᠨ ᠤ ᠵᠢᠱᠢᠶ᠎ᠡ ᠪᠤᠯᠬᠤ ︽ᠭᠤᠤ ᠤᠪᠤᠭᠳᠦ ᠵᠡᠷᠭᠡ ᠬᠦᠮᠦᠰ ᠤᠨ ᠬᠠᠷ᠎ᠠ ᠨᠡᠶᠢᠭᠡᠮ ᠤᠨ ᠴᠢᠨᠠᠷᠲᠠᠶ ᠵᠣᠬᠢᠶᠠᠨ ᠪᠠᠶᠢᠭᠤᠯᠤᠯᠳᠠ ᠶᠢᠨ ᠶᠠᠯᠠᠲᠤ ᠬᠡᠷᠡᠭ︾᠎ ᠢ ᠬᠦᠢᠴᠡᠳᠭᠡᠨ ᠳᠠᠭᠤᠰᠬᠠᠵᠤ᠂ ︽ᠦᠮᠦᠭᠯᠡᠭᠴᠢ ᠳᠤ ᠴᠤᠬᠢᠯᠳᠠ ᠦᠭᠴᠦ ᠲᠤᠤᠷ ᠡᠪᠳᠡᠬᠦ︾ ︽ᠵᠠᠮ ᠢ ᠨᠢ ᠲᠠᠰᠤᠯᠬᠤ︾ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠮᠢᠨ ᠭᠡᠷᠡᠭ ᠢ ᠰᠡᠷᠭᠡᠶᠢᠯᠡᠨ ᠡᠵᠡᠮᠳᠡᠬᠦ ᠲᠤᠭᠳᠠᠴᠠ ᠵᠢᠴᠢ ᠬᠢᠯᠢ ᠶᠢᠨ ᠪᠤᠭᠤᠮᠳᠠ ᠶᠢᠨ ᠭᠠᠵᠠᠷ ᠤᠷᠤᠨ ᠤ ᠠᠮᠦᠷ ᠲᠤᠭᠳᠠᠭᠤᠨ ᠠᠵᠢᠯ ᠤᠨ ᠬᠠᠮᠵᠢᠯᠴᠠᠨ ᠠᠵᠢᠯᠯᠠᠬᠤ ᠲᠤᠭᠳᠠᠴᠠ ᠶᠢ ᠪᠠᠶᠢᠭᠤᠯᠤᠨ᠂ ᠬᠢᠯᠢ ᠬᠢᠵᠠᠭᠠᠷ ᠤᠨ ᠲᠣᠭᠤᠷᠢᠨ ᠪᠠᠶᠢᠴᠠᠭᠠᠵᠤ ᠴᠡᠪᠡᠷᠯᠡᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠡᠶᠢᠭᠡᠮ ᠤᠨ ᠣᠷᠴᠢᠨ ᠲᠣᠭᠤᠷᠢᠨ ᠪᠥᠬᠦ ᠲᠠᠯ᠎ᠠ ᠪᠠᠷ ᠴᠡᠪᠡᠷᠰᠢᠪᠡ᠃        ᠨᠢᠭᠡ ᠵᠢᠯ ᠤᠨ ᠲᠤᠷᠰᠢ᠂ ᠪᠢᠳᠡ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠣᠳᠠᠲᠠᠢ ᠶᠢ ᠡᠷᠬᠢᠮᠯᠡᠬᠦ ᠪᠠᠷ ᠰᠠᠭᠤᠷᠢ ᠪᠠᠷᠢᠮᠵᠢᠶ᠎ᠠ ᠪᠣᠯᠭᠠᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠦᠷᠨᠢᠭᠦᠯᠦᠨ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ ︽ᠳᠥᠷᠪᠡᠨ ᠤᠬᠠᠮᠰᠠᠷ︾᠎ ᠢ ᠪᠠᠲᠤ ᠪᠠᠬᠢ ᠪᠣᠶ ᠪᠣᠯᠭᠠᠵᠤ᠂ ︽ᠳᠥᠷᠪᠡᠨ ᠢᠲᠡᠭᠡᠯ︾᠎ ᠢ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠬᠤ ᠶᠢ ᠪᠠᠷᠢᠮᠲᠠᠯᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ︽ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾᠎ ᠶᠢ ᠦᠨᠡᠨᠬᠦ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠯᠢᠭ ᠲᠦᠷᠢᠮ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ︽ᠲᠦᠷᠪᠡᠨ ᠰᠤᠷᠲᠠᠯ︾ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠥᠪ ᠴᠢᠬᠡᠴᠢ ᠰᠠᠶᠢᠨ ᠰᠠᠶᠢᠬᠠᠨ ᠤᠯᠤᠰ ᠲᠦᠷᠦ ᠶᠢᠨ ᠣᠷᠴᠢᠨ ᠠᠬᠤᠶ ᠶᠢ ᠪᠤᠢ ᠪᠣᠯᠭᠠᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠷᠢ ᠦᠭᠴᠡᠭᠡ ᠶᠢ ᠠᠷᠢᠯᠭᠠᠬᠤ ᠠᠷᠭ᠎ᠠ ᠪᠠᠷᠢᠯ ᠳᠠᠩ ᠴᠣᠯᠭᠤᠢ᠂ ᠤᠷᠭᠤᠮᠠᠯ ᠤᠨ ᠬᠤᠴᠢᠯᠭ᠎ᠠ ᠪᠦᠷᠬᠦᠴᠡ ᠶᠢᠨ ᠨᠤᠷᠮ᠎ᠠ ᠳᠣᠣᠷ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠲᠥᠪ ᠴᠢᠩᠭ᠎ᠠ ᠪᠣᠰᠤ ᠵᠡᠷᠭᠡ 22 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠪᠡ᠃ ᠠᠷᠠᠳᠴᠢᠯᠠᠯ ᠲᠥᠪᠯᠡᠷᠡᠯ ᠤᠨ ᠶᠤᠰᠤ ᠶᠢ ᠪᠠᠷᠢᠮᠲᠠᠯᠠᠵᠤ᠂ ︽ᠭᠤᠷᠪᠠᠨ ᠴᠢᠬᠤᠯᠠ ᠨᠢᠭᠡ ᠲᠣᠮᠣ︾ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠪᠤᠴᠠ ᠲᠦᠷᠢᠮᠵᠢᠪᠡ᠃ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾᠎ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠺᠠᠳ᠋ᠷᠴᠤᠳ ᠤᠨ ᠳᠠᠷᠤᠭᠠᠰᠤ ᠶᠢ ᠬᠥᠩᠭᠡᠷᠡᠭᠦᠯᠦᠨ ᠬᠦᠯᠢᠶᠡᠰᠦ ᠶᠢ ᠰᠤᠯᠠᠷᠠᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠪᠠ᠃ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠴᠡᠪᠡᠷᠯᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 44 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ 55 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠥᠨᠳᠥᠷ ᠪᠦᠲᠦᠮᠵᠢᠲᠡᠶ ᠪᠠᠷ ᠡᠷᠬᠢᠯᠡᠨ ᠭᠦᠢᠴᠡᠳᠬᠡᠵᠦ᠂ ᠭᠦᠢᠴᠡᠳᠬᠡᠨ ᠳᠠᠭᠤᠰᠬᠠᠭᠰᠠᠨ ᠨᠤᠷᠮ᠎ᠠ100%᠎ ᠳᠤ ᠬᠦᠷᠪᠡ᠃ ︽ᠠᠯᠪᠠᠨ ᠤ ᠭᠤᠷᠪᠠᠨ ᠵᠠᠷᠤᠳᠠᠯ︾ 12.9%᠎ ᠪᠠᠷ ᠪᠠᠭᠤᠷᠠᠪᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠦᠢᠯᠡᠴᠢᠯᠡᠭᠡ ᠳᠡᠬᠦᠯᠳᠡᠷᠵᠢᠨ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠪᠦᠬᠦ ᠶᠠᠪᠤᠴᠠ ᠶᠢ ᠢᠯᠡ ᠲᠣᠳᠣ ᠪᠣᠯᠭᠠᠬᠤ ᠪᠠ ᠡᠯᠧᠺᠲᠷᠤᠨᠴᠢᠯᠡᠬᠦ ᠶᠢ ᠪᠡᠶᠡᠯᠡᠬᠦᠯᠦᠨ᠂ 103 ᠠᠷᠠᠯᠵᠢᠶᠠᠨ ᠤ ᠲᠥᠷᠦᠯ ᠵᠦᠢᠯ ᠢ ᠬᠦᠢᠴᠡᠳᠭᠡᠵᠦ᠂ 280 ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠪᠠ᠃ ᠬᠠᠤᠯᠢ ᠪᠠᠷ ᠵᠠᠰᠠᠬᠤ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠵᠤ᠂ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠡᠷᠬᠡ ᠪᠠᠨ ᠬᠡᠷᠡᠭᠵᠢᠭᠦᠯᠦᠨ᠂ ᠨᠡᠶᠢᠭᠡᠮ ᠤᠨ ᠠᠮᠠᠯᠠᠯᠲᠠ ᠪᠠᠨ ᠴᠢᠩᠭ᠎ᠠ ᠭᠦᠢᠴᠡᠳᠬᠡᠵᠦ᠂ ᠬᠡᠯᠡᠪᠡᠯ ᠵᠠᠪᠠᠯ ᠭᠦᠢᠴᠡᠳᠬᠡᠨ᠂ ᠬᠢᠪᠡᠯ ᠵᠠᠪᠠᠯ ᠦᠷ᠎ᠡ ᠪᠦᠲᠦᠮᠵᠢ ᠣᠯᠵᠤ᠂ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠭᠦᠢᠴᠡᠳᠬᠡᠬᠦ ᠬᠦᠴᠦᠨ ᠢ ᠴᠢᠷᠮᠠᠶᠢᠨ ᠳᠡᠭᠡᠭᠰᠢᠯᠡᠭᠦᠯᠪᠡ᠃        ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠠᠮᠤᠷ ᠲᠦᠪᠰᠢᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠪᠠᠭᠠᠴᠤᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠲᠠᠩᠰᠠ ᠡᠪᠬᠡᠮᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠴᠠᠭ ᠠᠭᠤᠷ᠂ ᠴᠢᠯᠠᠭᠤᠨ ᠲᠣᠰᠣ᠂ ᠨᠠᠪᠴᠢᠨ ᠲᠠᠮᠠᠬᠢ᠂ ᠰᠢᠤᠳᠠᠨ ᠶᠠᠪᠤᠳᠠᠯ᠂ ᠴᠢᠮᠡᠭᠡ ᠬᠤᠯᠪᠣᠭ᠎ᠠ ᠵᠡᠷᠭᠡ ᠡᠯ᠎ᠡ ᠵᠦᠢᠯ ᠤᠨ ᠠᠵᠢᠯ ᠴᠥᠮ ᠰᠢᠨ᠎ᠡ ᠦᠷ᠎ᠡ ᠪᠦᠲᠦᠮᠵᠢ ᠣᠯᠪᠠ᠃ ᠡᠭᠦᠨ ᠤ ᠬᠠᠮᠲᠤ᠂ 2019 ᠣᠨ ᠳᠤ ᠪᠥᠬᠦ ᠬᠤᠰᠢᠭᠤᠨ ᠤ ᠠᠷᠠᠳ ᠲᠦᠮᠡᠨ ᠳᠤ ᠲᠥᠪ ᠬᠢᠴᠢᠶᠡᠩᠭᠦᠶ ᠪᠠᠷ ᠠᠮᠠᠯᠠᠭᠰᠠᠨ ᠬᠤᠭ ᠨᠣᠪᠰᠢ ᠳᠠᠮᠵᠢᠭᠤᠯᠤᠨ ᠵᠥᠭᠡᠭᠡᠪᠦᠷᠢᠯᠡᠬᠦ ᠥᠷᠲᠡᠭᠡ᠂ ᠪᠤᠵᠠᠷ ᠤᠰᠤᠨ ᠤ ᠬᠤᠭᠤᠯᠠᠶ ᠲᠣᠤᠷ ᠢ ᠵᠠᠰᠠᠨ ᠰᠢᠨᠡᠳᠬᠡᠬᠦ᠂ ᠠᠯᠳ᠋ᠬᠠᠮᠡᠭᠡᠯ ᠠᠴᠠ ᠬᠡᠷᠦᠯᠦᠨ ᠬᠥᠷᠬᠦ ᠵᠠᠰᠠᠮᠠᠯ ᠵᠠᠮ᠂ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ᠂ ᠬᠤᠶᠠᠳᠤᠭᠠᠷ ᠪᠠᠭ᠎ᠠ ᠰᠤᠷᠭᠠᠭᠤᠯᠢ ᠪᠠ ᠣᠷᠱᠤᠨ ᠰᠤᠷᠭᠠᠭᠤᠯᠢ ᠶᠢᠨ ᠵᠣᠬᠢᠶᠠᠮᠠᠯ ᠡᠪᠡᠰᠦᠲᠤ ᠲᠠᠮᠢᠷ ᠤᠨ ᠲᠠᠯᠠᠪᠤᠷ ᠢ ᠰᠡᠯᠪᠢᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠤᠨ ᠲᠥᠷᠥᠯ ᠵᠦᠢᠯ ᠢ ᠪᠥᠬᠦ ᠲᠠᠯ᠎ᠠ ᠪᠠᠷ ᠪᠡᠶᠡᠯᠡᠭᠦᠯᠪᠡ᠃        ᠲᠥᠯᠥᠭᠡᠯᠡᠭᠴᠢᠳ ᠡ᠂ ᠲᠡᠮᠡᠴᠡᠯ ᠬᠠᠲᠠᠭᠤ ᠪᠡᠷᠬᠡᠰᠢᠶᠡᠯ ᠲᠠᠢ᠂ ᠠᠮᠵᠢᠯᠲᠠ ᠪᠦᠲᠦᠮᠵᠢ ᠶᠢ ᠣᠯᠬᠤ ᠳᠤ ᠨᠡᠩ ᠴᠤ ᠬᠢᠯᠪᠠᠷ ᠪᠣᠰᠤ ᠶᠤᠮ᠃ ᠥᠩᠭᠡᠷᠡᠭᠰᠡᠨ ᠨᠢᠭᠡ ᠵᠢᠯ ᠳᠤ᠂ ᠪᠢᠳᠡ ᠬᠦᠴᠦ ᠰᠡᠳᠬᠢᠯ ᠨᠢᠭᠡᠳᠦᠨ᠂ ᠨᠢᠳᠦᠨ ᠡᠮᠦᠨᠡᠬᠢ ᠬᠦᠴᠢᠷ ᠢ ᠬᠠᠮᠲᠤᠪᠠᠷ ᠲᠤᠭᠤᠯᠵᠤ᠂ ᠪᠡᠷᠬᠡ ᠪᠠᠷᠲᠠᠭ᠎ᠠ ᠶᠢ ᠢᠯᠠᠨ ᠳᠠᠪᠠᠵᠤ᠂ ᠬᠠᠲᠠᠭᠤ ᠰᠢᠯᠭᠠᠯᠲᠠ ᠶᠢ ᠳᠠᠭᠠᠭᠠᠨ᠂ ᠡᠷᠡᠰ ᠬᠠᠳᠠᠨ ᠵᠣᠷᠢᠭ ᠢ ᠳᠠᠪᠲᠠᠨ ᠪᠣᠯᠪᠠᠰᠤᠷᠠᠭᠤᠯᠵᠤ᠂ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠳᠡᠷᠡᠭᠦᠨ ᠠᠯᠬᠤᠭ᠎ᠠ ᠪᠠᠷ ᠤᠷᠤᠭᠰᠢᠯᠠᠭᠰᠠᠨ ᠪᠠᠶᠢᠨ᠎ᠠ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠠᠴᠠ ᠬᠦᠴᠦᠯᠡᠨ ᠳᠡᠮᠵᠢᠭᠰᠡᠨ ᠤ ᠦᠷ᠎ᠡ ᠳ᠋ᠦᠩ᠂ ᠪᠦᠬᠦ ᠬᠤᠰᠢᠭᠤ ᠳᠠᠶᠠᠭᠠᠷ ᠰᠢᠷᠭᠠᠭᠤ ᠬᠠᠲᠠᠭᠤᠵᠢᠯᠲᠠᠶ ᠪᠠᠷ ᠦᠢᠯᠡᠰ ᠪᠣᠰᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦᠶᠢᠯᠡ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠭᠰᠠᠨ ᠪᠠ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷᠴᠤᠳ᠂ ᠬᠤᠰᠢᠭᠤᠨ ᠳᠤ ᠰᠠᠭᠤᠭ᠎ᠠ ᠪᠦᠬᠦᠶᠢᠯᠡ ᠨᠢᠭᠡᠴᠡ᠂ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠦᠬᠦᠳ ᠪᠣᠯᠣᠨ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕        ᠠᠮᠵᠢᠯᠲᠠ ᠣᠯᠬᠤ ᠶᠢᠨ ᠳᠠᠭᠠᠤ᠂ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠬᠤ ᠶᠠᠪᠤᠴᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠨ ᠯᠡ ᠵᠠᠷᠢᠮ ᠭᠦᠨ ᠳᠠᠪᠬᠤᠷᠭ᠎ᠠ ᠶᠢᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠬᠤ ᠭᠡᠷᠡᠭᠳᠡᠢ᠂ ᠡᠳᠡᠭᠡᠷ ᠨᠢ ᠭᠤᠣᠯᠳᠠᠭᠤ᠄ ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠣᠣᠷ᠎ᠠ᠂ ᠶᠡᠭᠡ ᠲᠥᠷᠥᠯ ᠵᠦᠢᠯ ᠴᠦᠬᠡᠨ᠂ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠰᠢᠨ᠎ᠡ ᠬᠠᠭᠤᠴᠢᠨ ᠬᠦᠳᠡᠯᠭᠡᠭᠴᠢ ᠬᠦᠴᠦᠨ ᠤ ᠡᠨᠧᠷᠭᠢ ᠶᠢᠨ ᠰᠣᠯᠢᠭᠳᠠᠯ ᠤᠳᠠᠭᠠᠨ᠂ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠡᠭᠦᠷᠭᠡ ᠪᠡᠷᠬᠡ ᠬᠠᠲᠠᠭᠤᠵᠢᠯᠲᠠᠶ︔ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠬᠦᠷᠦᠯᠴᠡᠬᠦ ᠦᠭᠡᠢ᠂ ᠣᠷᠣᠯᠭ᠎ᠠ ᠵᠠᠷᠤᠯᠭ᠎ᠠ ᠶᠢᠨ ᠵᠥᠷᠢᠴᠡᠯ ᠮᠦᠨ ᠲᠤᠪᠤᠶᠢᠮ᠎ᠠ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠷᠢ ᠥᠭᠴᠡᠭᠡ ᠨᠡᠯᠢᠶᠡᠳ ᠤᠯᠠᠨ ᠪᠠᠶᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ︔ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠦᠯᠢᠶᠡᠰᠦᠯᠡᠯ ᠡᠳᠦᠷ ᠢᠷᠡᠬᠦᠶ᠎ᠡ ᠨᠠᠷᠢᠰᠴᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠡᠭᠦᠷᠭᠡ ᠬᠦᠨᠳᠦ ᠵᠠᠮ ᠬᠤᠯᠠ ᠪᠠᠶᠢᠨ᠎ᠠ︔ ᠬᠠᠤᠯᠢ ᠶᠣᠰᠣᠭᠠᠷ ᠵᠠᠰᠠᠭ ᠶᠠᠪᠤᠭᠤᠯᠬᠤ ᠰᠢᠰᠲ᠋ᠧᠮ ᠢ ᠮᠥᠨ ᠬᠦ ᠪᠦᠷᠢᠨᠰᠢᠬᠦᠯᠬᠦ ᠴᠢᠬᠤᠯᠠᠲᠠᠶ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠰᠢᠨ᠎ᠡ ᠶᠢ ᠡᠭᠦᠳᠦᠨ ᠪᠣᠳᠠᠲᠠᠶ ᠪᠠᠷ ᠠᠵᠢᠯᠯᠠᠬᠤ ᠤᠬᠠᠮᠰᠠᠷ ᠢ ᠮᠥᠨ ᠬᠦ ᠴᠢᠩᠭᠠᠳᠬᠠᠬᠤ ᠴᠢᠬᠤᠯᠠᠲᠠᠶ᠂ ᠪᠠᠶᠢᠭᠤᠯᠭ᠎ᠠ ᠶᠢᠨ ᠰᠤᠷᠲᠠᠯ ᠤᠨ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠪᠠᠰᠠ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠶ ᠵᠡᠷᠭᠡ ᠲᠠᠯ᠎ᠠ ᠪᠠᠷ ᠢᠯᠡᠷᠡᠵᠦ ᠪᠠᠶᠢᠨ᠎ᠠ᠃ ᠬᠦᠴᠢᠷᠳᠡᠯ ᠪᠠ ᠠᠰᠠᠭᠤᠳᠠᠯ ᠤᠨ ᠡᠮᠦᠨ᠎ᠡ᠂ ᠪᠢᠳᠡ ᠢᠮᠠᠭᠲᠠ ᠠᠷᠠᠳ ᠤᠨ ᠬᠦᠰᠡᠯ ᠡᠷᠡᠮᠡᠯᠵᠡᠯ ᠢᠶᠠᠷ ᠵᠠᠰᠠᠭ ᠶᠠᠪᠤᠭᠤᠯᠬᠤ ᠴᠢᠭᠯᠡᠯ ᠪᠣᠯᠭᠠᠨ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ᠂ ᠦᠨᠡᠨᠬᠦ ᠰᠠᠶᠢᠵᠢᠷᠠᠭᠤᠯᠤᠨ ᠳᠡᠭᠡᠭᠰᠢᠯᠡᠭᠦᠯᠬᠦ ᠪᠠ ᠰᠢᠢᠳᠪᠦᠷᠢᠯᠡᠵᠦ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ