2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2020/5/22
      ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ        ᠥᠨᠥ ᠵᠢᠯ ᠪᠣᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠨᠡᠩ ᠴᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠬᠠᠭᠤᠳᠠᠰᠤ ᠶᠢ ᠪᠢᠴᠢᠭᠯᠡᠬᠦ ᠣᠨ ᠪᠤᠯᠬᠤᠷ ᠪᠦᠬᠦ ᠵᠢᠯ ᠤᠨ ᠠᠵᠢᠯ ᠢ ᠰᠠᠶᠢᠲᠤᠷ ᠬᠢᠬᠦ ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠥᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠤᠯᠤᠨ ᠶᠡᠷᠦᠩᠭᠡᠢ ᠱᠦᠵᠢ ᠶᠢᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠦᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠥᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ︽ᠳᠥᠷᠪᠡᠨ ᠤᠬᠠᠮᠰᠠᠷ︾᠎ ᠢ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦᠳᠡ ᠬᠤᠷᠠᠯ ᠵᠢᠴᠢ ᠠᠵᠦ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠲᠦᠷᠪᠡᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦᠳᠡ ᠬᠤᠷᠠᠯ ᠵᠢᠴᠢ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠬᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶ ᠤᠳᠤᠷᠢᠳᠤᠮᠵᠢ ᠶᠢ ᠳᠣᠪᠣᠶᠢᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠢᠯᠡᠳᠦᠯᠭᠡᠵᠢᠭᠦᠯᠦᠨ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠥᠬᠡᠶ ᠬᠦᠭᠵᠢᠭᠦᠯᠬᠦ ᠪᠠᠷ ᠤᠳᠤᠷᠢᠳᠤᠮᠵᠢ ᠪᠣᠯᠭᠠᠨ᠂ ᠭᠤᠷᠪᠠᠨ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠰᠠᠭᠤᠷᠢ ᠪᠣᠯᠭᠠᠵᠤ᠂ ᠳᠤᠲᠠᠭᠤᠳᠠᠯ ᠢ ᠨᠥᠬᠦᠪᠥᠷᠢᠯᠡᠬᠦ᠂ ᠳᠠᠯᠳᠠ ᠬᠦᠴᠦᠨ ᠢ ᠠᠭᠤᠳᠠᠯᠬᠤ᠂ ᠳᠠᠪᠠᠭᠤᠯᠢᠭ ᠢ ᠨᠡᠮᠡᠭᠳᠡᠭᠦᠯᠬᠦ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ᠂ ᠠᠮᠢ ᠠᠬᠤᠢ ᠶᠢ ᠬᠠᠮᠠᠭᠠᠯᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠤᠲᠠ ᠬᠥᠳᠡᠭᠡ ᠶᠢ ᠠᠭᠤᠰᠤᠯᠴᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠪᠠ ᠨᠡᠶᠢᠭᠡᠮ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠰᠠᠶᠢᠳᠦᠷ ᠬᠢᠵᠦ᠂ ︽ᠵᠢᠷᠭᠤᠭ᠎ᠠ ᠎ ᠶᠢ ᠪᠠᠳᠤᠯᠠᠬᠤ︾ ᠠᠵᠢᠯ ᠤᠨ ᠡᠬᠦᠷᠭᠡ ᠶᠢ ᠨᠠᠶᠢᠳᠠᠪᠦᠷᠢᠵᠢᠭᠤᠯᠤᠨ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠷᠭᠦᠯᠵᠢᠯᠡᠨ ᠪᠠᠲᠤᠯᠠᠵᠤ᠂ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠥᠯᠥᠨ ᠪᠣᠶᠢᠷ ᠤᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠪᠠᠷᠭᠤ ᠪᠠᠷᠠᠭᠤᠨ ᠬᠤᠰᠢᠭᠤᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠶᠢ ᠪᠠᠳᠤᠯᠠᠨ᠎ᠠ᠃        ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3% ᠣᠷᠴᠢᠮ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6.5%᠂ 7.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠬᠤ ᠨᠣᠷᠮ᠎ᠠ ᠶᠢ 4.5% ᠳᠣᠲᠣᠷ᠎ᠠ ᠬᠢᠵᠠᠭᠠᠷᠯᠠᠨ᠎ᠠ᠃ ᠪᠠᠲᠤᠯᠠᠭ᠎ᠠ ᠶᠢᠨ ᠴᠢᠨᠠᠷᠲᠠᠶ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠦᠯᠢᠶᠡᠰᠦᠯᠡᠯ ᠤᠨ ᠴᠢᠨᠠᠷᠲᠠᠶ ᠬᠦᠢᠴᠡᠳᠭᠡᠬᠦ ᠲᠤᠭ᠎ᠠ ᠶᠢ ᠬᠥᠯᠥᠨ ᠪᠣᠶᠢᠷ ᠬᠤᠲᠠ ᠶᠢᠨ ᠱᠠᠭᠠᠷᠳᠠᠯᠭ᠎ᠠ ᠳᠤ ᠬᠦᠷᠭᠡᠨ᠎ᠡ᠃        ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠭᠡᠷᠡᠭᠳᠡᠢ᠄        ︵ᠨᠢᠭᠡ︶ ᠨᠠᠷᠢᠯᠢᠭ ᠣᠨᠣᠪᠴᠢᠲᠠᠢ ᠪᠠᠷ ᠪᠣᠳᠠᠲᠠᠶ ᠶᠢ ᠡᠷᠬᠢᠮᠯᠡᠬᠦ ᠶᠢ ᠲᠤᠪᠤᠶᠢᠯᠭᠠᠵᠦ᠂ ᠭᠤᠷᠪᠠᠨ ᠶᠡᠭᠡ ᠪᠠᠬᠢᠯᠡᠯᠲᠡ ᠰᠢᠪᠲᠤᠯᠬᠤ ᠠᠵᠢᠯ ᠤᠨ ᠰᠢᠨ᠎ᠡ ᠠᠮᠵᠢᠯᠲᠠ ᠶᠢ ᠣᠯᠣᠨ᠎ᠠ        ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠲᠠᠢ ᠨᠢᠭᠲᠠ ᠤᠶᠠᠯᠳᠤᠭᠤᠯᠤᠨ᠂ ᠭᠤᠷᠪᠠᠨ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ ᠢᠯᠠᠯᠲᠠ ᠣᠯᠤᠨ᠎ᠠ᠃ ᠡᠷᠳᠡᠮ ᠴᠢᠳᠠᠯ ᠢᠶᠠᠨ ᠰᠢᠪᠬᠠᠨ ᠪᠠᠶᠢᠯᠳᠤᠵᠤ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠣᠨ᠎ᠠ᠃ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠲᠤᠯᠬᠤ ᠠᠵᠢᠯ ᠢ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠤᠯᠭᠠᠨ᠂ ︽ᠳᠥᠷᠪᠡ ᠶᠢ ᠦᠯᠦ ᠠᠪᠴᠤ ᠬᠠᠶᠠᠬᠤ︾ ᠬᠤᠷᠢᠭ᠎ᠠ ᠱᠤᠭᠤᠮ ᠢ ᠴᠢᠩᠭ᠎ᠠ ᠰᠠᠬᠢᠨ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠦᠨ᠂ ᠣᠳᠣ ᠦᠶ᠎ᠡ ᠶᠢᠨ ᠮᠠᠯ ᠠᠵᠤ ᠠᠬᠤᠢ᠂ ᠰᠣᠶᠣᠯ ᠵᠤᠭᠠᠴᠠᠯ᠂ ᠡᠯᠧᠺᠲᠷᠣᠨ ᠬᠤᠳᠠᠯᠳᠤᠭᠠᠨ ᠤ ᠦᠢᠯᠡᠴᠢᠯᠡᠭᠡ ᠵᠡᠷᠭᠡ ᠦᠪᠡᠷᠮᠢᠴᠡ ᠣᠨᠴᠠᠯᠢᠭᠲᠤ ᠶᠠᠳᠠᠭᠤ ᠶᠢ ᠲᠡᠳᠬᠦᠬᠦ ᠠᠵᠤ ᠦᠢᠯᠡᠰ ᠢ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠬᠥᠭᠵᠢᠭᠦᠯᠵᠦ᠂ ︽ᠭᠠᠴᠠᠭᠠᠨ ᠤ ᠬᠠᠮᠲᠤ ᠶᠢᠨ ᠠᠵᠤ ᠠᠬᠤᠢ + ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ + ᠶᠠᠳᠠᠭᠤ ᠬᠦᠴᠢᠷᠳᠡᠯᠲᠡᠢ ᠡᠷᠦᠬᠡ︾᠎ ᠶᠢ ᠲᠡᠳᠬᠦᠬᠦ ᠵᠠᠭᠪᠤᠷ ᠢ ᠰᠦᠪᠡᠭᠴᠢᠯᠡᠨ᠂ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠢᠲᠡᠭᠡᠯ ᠵᠣᠷᠢᠭ︾ ︽ᠣᠶᠤᠨ ᠤᠬᠠᠭᠠᠨ︾ ᠬᠤᠶᠠᠷ ᠢ ᠲᠡᠳᠬᠦᠬᠦ ᠡᠷᠴᠢᠮ ᠢ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠪᠠ ᠪᠡᠶ᠎ᠡ ᠪᠠᠨ ᠳᠠᠭᠠᠭᠠᠨ ᠬᠥᠭᠵᠢᠬᠦ ᠴᠢᠳᠠᠪᠤᠷᠢ ᠶᠢ ᠴᠢᠩᠭᠠᠷᠠᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠦᠭᠵᠢᠭᠦᠯᠵᠦ᠂ ︽ᠬᠤᠪᠢ ᠬᠤᠷᠠᠮᠳᠤᠭᠤᠯᠬᠤ︾ ᠬᠠᠮᠢᠶᠠᠷᠤᠯᠲᠠ ᠶᠢ ᠬᠡᠷᠡᠭᠵᠢᠭᠦᠯᠦᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ︽ᠦᠪᠡᠷ ᠢᠶᠠᠨ ᠳᠡᠭᠵᠢᠷᠡᠬᠦ︾ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠶᠢ ᠳᠠᠭᠠᠭᠤᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠬᠠᠲᠠᠭᠤ ᠵᠣᠷᠢᠭ ᠢᠶᠠᠷ ᠪᠤᠬᠢᠷᠲᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠷᠡᠰ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠲᠤᠰᠬᠠᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳ᠋ᠤᠭᠠᠷ ᠬᠠᠰᠤᠬᠤ ᠶᠢ ᠬᠤᠭᠤᠴᠠᠭ᠎ᠠ ᠶᠤᠰᠤᠭᠠᠷ ᠪᠡᠶᠡᠯᠡᠬᠦᠯᠵᠦ᠂ ᠴᠡᠯᠮᠡᠭ ᠲᠡᠭᠷᠢ ᠴᠡᠩᠬᠡᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠣᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠪᠠᠯᠭᠠᠰᠤᠨ ᠤ ᠲᠣᠭᠤᠷᠢᠭ ᠤᠨ 10 ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ 29 ᠨᠡᠭᠦᠷᠡᠰᠦ ᠰᠢᠲᠠᠭᠠᠬᠤ ᠭᠦᠸᠧᠯᠦ ᠶᠢ ᠳᠠᠶᠠᠭᠳᠠᠵᠦ᠂ ᠪᠠᠷᠢᠯᠭ᠎ᠠ ᠶᠢᠨ ᠭᠠᠵᠠᠷ ᠪᠠ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠤᠨ ᠲᠣᠭᠤᠰᠣᠨ ᠤ ᠪᠤᠬᠢᠷᠲᠤᠯ ᠢ ᠴᠢᠩᠭ᠎ᠠ ᠬᠢᠵᠠᠭᠠᠷᠯᠠᠨ᠎ᠠ᠃ ᠬᠥᠯᠥᠨ ᠨᠠᠭᠤᠷ ᠤᠨ ᠠᠶᠦᠯᠬᠦᠢ ᠤᠰᠤ ᠤᠮᠳᠠ ᠶᠢ ᠶᠡᠷᠦᠩᠬᠡᠶᠢᠯᠡᠨ ᠵᠠᠰᠠᠬᠤ᠂ ᠡᠯᠡᠰᠦᠷᠬᠡᠭ ᠭᠠᠵᠠᠷ ᠢ ᠵᠠᠰᠠᠬᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠶᠡᠷᠦᠩᠬᠡᠶᠢᠯᠡᠨ ᠵᠠᠰᠠᠬᠤ ᠠᠵᠢᠯ ᠤᠨ ᠰᠢᠨ᠎ᠡ ᠦᠷ᠎ᠡ ᠪᠦᠲᠦᠮᠵᠢ ᠶᠢ ᠣᠯᠣᠨ᠎ᠠ᠃ ᠪᠡᠯᠡ ᠮᠥᠩᠭᠦ ᠣᠯᠬᠤ ᠪᠠᠷ ᠢᠳᠡᠪᠬᠢᠯᠡᠨ ᠴᠢᠷᠮᠠᠶᠢᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤᠨ ᠤ ᠪᠤᠬᠢᠷᠲᠤᠯ ᠢ ᠵᠠᠰᠠᠬᠤ᠂ ᠤᠤᠭᠤᠬᠤ ᠤᠰᠤᠨ ᠤ ᠰᠤᠷᠪᠤᠯᠵᠢᠲᠤ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠤᠰᠤᠨ ᠤ ᠪᠤᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠦᠨ᠎ᠡ᠃ ᠬᠦᠨᠳᠦ ᠲᠡᠮᠦᠷᠯᠢᠭ ᠠᠵᠢᠯ ᠲᠦᠷᠦᠯ ᠤᠨ ᠪᠣᠬᠢᠷᠲᠤᠯ ᠢ ᠰᠡᠷᠭᠡᠶᠢᠯᠡᠨ ᠬᠢᠵᠠᠭᠠᠷᠯᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠪᠤᠬᠢᠷᠳᠤᠯ ᠪᠦᠬᠦᠢ ᠭᠤᠤᠯᠳᠠᠯᠭ᠎ᠠ ᠲᠠᠢ ᠠᠵᠤ ᠠᠬᠤᠶᠢᠯᠠᠯ ᠢ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠳᠠᠷᠠᠰᠢ ᠦᠭᠡᠢ ᠪᠠᠷ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠡᠮᠡᠭᠳᠡᠯ ᠢ ᠲᠣᠭᠲᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠬᠤᠶᠠᠷ ᠢ ᠵᠡᠷᠭᠡ ᠪᠠᠷ ᠶᠠᠪᠤᠭᠳᠠᠭᠤᠯᠬᠤ ᠬᠠᠷᠢᠴᠠᠭ᠎ᠠ ᠶᠢ ᠣᠨᠣᠪᠴᠢᠲᠠᠶ ᠡᠵᠡᠮᠳᠡᠨ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠦ᠂ ᠤᠷᠤᠨ ᠨᠤᠲᠤᠭ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠳᠡᠮᠳᠡᠭᠳᠦ ᠶᠢ ᠵᠤᠬᠢᠰᠳᠠᠢ ᠳᠤᠬᠢᠷᠠᠭᠤᠯᠤᠨ᠂ ᠬᠠᠤᠯᠢ ᠴᠠᠭᠠᠵᠠ ᠲᠦᠷᠢᠮ ᠲᠤᠭᠳᠠᠭᠠᠯ ᠠᠴᠠ ᠵᠦᠷᠢᠴᠡᠭᠰᠡᠨ ᠪᠡᠯᠡ ᠳᠤᠬᠢᠷᠠᠭᠤᠯᠭ᠎ᠠ ᠳᠤ ᠪᠠᠳᠤᠯᠠᠭ᠎ᠠ ᠤᠷᠤᠬᠤ ᠦᠢᠯᠡ ᠠᠵᠢᠯᠯᠠᠭ᠎ᠠ ᠶᠢ ᠪᠠᠶᠢᠴᠠᠭᠠᠨ ᠢᠯᠡᠷᠡᠬᠦᠯᠵᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠦ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠠᠮᠢᠳᠤᠯᠢᠭ ᠰᠠᠶᠢᠨ ᠬᠡᠷᠡᠭᠯᠡᠨ᠂ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ ᠤ ᠳᠠᠯᠳᠠ ᠴᠢᠨᠠᠷᠲᠠᠶ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠭᠠᠶᠢᠯᠢ ᠲᠠᠲᠠᠪᠤᠷᠢ ᠲᠠᠲᠠᠪᠤᠷᠢᠯᠠᠨ ᠲᠤᠰᠢᠶᠠᠬᠤ ᠶᠢ ᠴᠢᠩᠭᠠᠳᠬᠠᠬᠤ᠂ ᠤᠯᠤᠰ ᠤᠨ ᠥᠮᠴᠢᠯᠡᠯ ᠤᠨ ᠬᠦᠷᠦᠩᠭᠡ ᠶᠢᠨ ᠠᠰᠢᠭ ᠣᠷᠣᠯᠭ᠎ᠠ ᠶᠢ ᠠᠷᠢᠯᠭᠠᠬᠤ᠂ ᠰᠤᠯᠠ ᠳᠠᠯᠪᠢᠵᠦ ᠪᠠᠶᠢᠭ᠎ᠠ ᠡᠳ᠋ ᠬᠦᠷᠦᠩᠭᠡ ᠶᠢᠨ ᠡᠬᠢ ᠪᠠᠶᠠᠯᠢᠭ ᠢ ᠠᠮᠢᠯᠠᠭᠤᠯᠬᠤ ᠪᠠ ᠵᠢᠭᠡᠯᠡᠯᠭᠡ ᠶᠢᠨ ᠲᠡᠮᠳᠡᠭᠲᠦ ᠶᠢ ᠰᠣᠯᠢᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂1.12 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠱᠠᠭᠠᠷᠳᠠᠯᠭ᠎ᠠ ᠶᠣᠰᠣᠭᠠᠷ ᠴᠡᠪᠡᠷᠯᠡᠨ᠎ᠡ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠨ ᠳᠤᠮᠳᠠᠬᠢ ᠦᠨᠳᠦᠷ ᠬᠦᠤ ᠲᠠᠢ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢ ᠪᠤᠰᠤ ᠪᠠᠷ ᠪᠠᠯᠠ ᠮᠦᠩᠭᠦ ᠴᠤᠭᠯᠠᠭᠤᠯᠬᠤ ᠶᠢ ᠲᠤᠰᠬᠠᠶ ᠴᠡᠭᠴᠡᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃        ︵ᠬᠤᠶᠠᠷ︶ ᠠᠮᠢ ᠠᠬᠤᠶ ᠶᠢ ᠤᠷᠢᠳᠠᠪᠠᠷ ᠪᠣᠳᠣᠯᠬᠢᠯᠠᠬᠤ ᠶᠢ ᠳᠣᠪᠤᠶᠢᠯᠭᠠᠵᠤ᠂ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠤ ᠡᠨᠧᠷᠭᠢ ᠶᠢ ᠪᠠᠳᠠᠷᠠᠭᠤᠯᠤᠨ᠎ᠠ        ᠠᠮᠢ ᠠᠬᠤᠶ ᠶᠢᠨ ᠪᠣᠯᠪᠠᠰᠤᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠥᠬᠡ ᠠᠭᠤᠯᠠ ᠬᠥᠬᠡᠮᠳᠦᠭ ᠤᠰᠤ ᠪᠣᠯᠤᠨ ᠠᠯᠲᠠ ᠮᠥᠩᠭᠦᠨ ᠠᠭᠤᠯᠠ ᠶᠢᠨ ᠬᠤᠤᠰ ᠴᠢᠭᠯᠡᠯ ᠢᠶᠠᠷ ᠰᠣᠯᠢᠭᠳᠠᠬᠤ ᠵᠠᠮ ᠢ ᠬᠦᠴᠦᠯᠡᠨ ᠨᠡᠪᠲᠡᠷᠡᠭᠦᠯᠵᠦ᠂ ᠨᠠᠩ ᠥᠨᠳᠥᠷ ᠪᠠᠷᠢᠮᠵᠢᠶ᠎ᠠ ᠪᠠᠷ ᠦᠵᠡᠰᠬᠦᠯᠡᠩᠲᠦ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠥᠲᠥᠭᠡᠨ ᠪᠠᠶᠢᠭᠤᠯᠤᠨ᠎ᠠ᠃ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠲᠦᠷᠭᠡᠳᠬᠡᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ᠂ ᠪᠡᠯᠴᠢᠭᠡᠷᠯᠡᠭᠦᠯᠬᠦ ᠶᠢ ᠵᠣᠭᠰᠣᠭᠠᠨ ᠨᠤᠲᠤᠭ ᠪᠡᠯᠴᠢᠭᠡᠷ ᠢ ᠰᠡᠷᠭᠦᠭᠡᠬᠦ᠂ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠮᠣᠳᠣ ᠲᠠᠷᠢᠵᠤ ᠣᠶᠢᠵᠢᠭᠤᠯᠬᠤ ᠵᠡᠷᠭᠡ ᠰᠢᠰᠲ᠋ᠧᠮᠲᠤ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠪᠣᠬᠢᠷᠲᠤᠯ ᠦᠭᠡᠢ ᠴᠡᠪᠡᠷ ᠠᠰᠢᠭ ᠢ ᠦᠷᠭᠦᠯᠵᠢᠯᠡᠨ ᠪᠠᠳᠠᠷᠠᠭᠤᠯᠤᠨ᠎ᠠ᠃ ᠭᠤᠤᠯ ᠨᠠᠭᠤᠷ ᠢ ᠬᠠᠮᠢᠶᠠᠷᠬᠤ ᠳᠠᠷᠤᠭ᠎ᠠ ᠶᠢᠨ ᠲᠣᠭᠤᠷᠢᠨ ᠪᠠᠶᠢᠴᠠᠭᠠᠯᠲᠠ ᠶᠢ ᠪᠠᠶᠢᠩᠭᠤᠴᠢᠯᠠᠬᠤ ᠶᠢ ᠪᠠᠷᠢᠮᠲᠠᠯᠠᠨ᠂ ᠣᠷᠣᠨ ᠪᠦᠰᠡ ᠶᠢᠨ ᠳᠣᠲᠣᠷᠠᠬᠢ ᠪᠥᠬᠦ ᠭᠤᠤᠯ ᠨᠠᠭᠤᠷ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ︽ᠳᠥᠷᠪᠡᠨ ᠳᠤᠷ᠎ᠠ ᠪᠠᠷ ᠪᠠᠶᠢᠬᠤ ᠶᠢ ᠠᠷᠢᠯᠭᠠᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠤᠤᠯ ᠨᠠᠭᠤᠷ ᠤᠨ ᠤᠰᠤᠨ ᠣᠷᠣᠨ ᠤ ᠠᠮᠢ ᠠᠬᠤᠶ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠭᠠᠵᠠᠷ ᠢ ᠲᠥᠪᠯᠡᠷᠡᠭᠦᠯᠦᠨ ᠵᠠᠰᠠᠵᠤ᠂ ᠲᠠᠯ᠎ᠠ ᠨᠤᠲᠤᠭ ᠤᠨ ᠨᠣᠭᠤᠭᠠᠨ ᠬᠥᠷᠥᠰᠥ ᠶᠢᠨ ᠤᠤᠯ ᠥᠩᠭᠡ ᠶᠢ ᠰᠡᠷᠭᠦᠭᠡᠨ᠎ᠡ᠃ ᠪᠠᠷᠭᠤ ᠵᠡᠭᠡᠷ᠎ᠡ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠬᠠᠮᠠᠭᠠᠯᠠᠯᠲᠠ ᠶᠢᠨ ᠣᠷᠣᠨ ᠪᠦᠰᠡ ᠳᠤ ᠳᠠᠬᠢᠨ ᠲᠣᠬᠢᠷᠠᠭᠤᠯᠤᠯᠲᠠ ᠬᠢᠵᠦ᠂ ᠵᠠᠭᠠᠭ ᠬᠠᠶᠢᠵᠤ ᠲᠡᠮᠳᠡᠭ ᠲᠣᠭᠲᠠᠭᠠᠬᠤ᠂ ᠣᠷᠣᠨ ᠪᠦᠰᠡ ᠶᠢ ᠪᠢᠲᠡᠭᠦᠮᠵᠢᠯᠡᠬᠦ᠂ ᠨᠡᠭᠦᠳᠡᠯᠯᠡᠬᠦ ᠳᠤ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠪᠡᠶᠡᠯᠡᠭᠦᠯᠵᠦ᠂ ᠶᠡᠷᠦᠩᠬᠡᠶᠢᠯᠡᠨ ᠬᠠᠮᠢᠶᠠᠷᠤᠨ ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠬᠦᠭᠵᠢᠭᠦᠯᠬᠦ ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ᠪᠣᠬᠢᠷᠲᠤᠯ ᠦᠭᠡᠢ ᠳᠣᠣᠷ᠎ᠠ ᠨᠡᠬᠦᠷᠡᠰᠦᠳᠦ᠋ᠷᠦᠭᠴᠢᠳᠦ ᠠᠮᠢᠳᠤᠷᠠᠯ ᠢ ᠰᠠᠨᠠᠭᠠᠴᠢᠯᠠᠵᠤ᠂ ᠬᠤᠭ ᠨᠣᠪᠰᠢ ᠶᠢ ᠲᠦᠷᠦᠯ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠨ ᠠᠬᠢᠭᠤᠯᠤᠨ᠎ᠠ᠃ ᠤᠰᠤᠨ ᠤ ᠠᠮᠢ ᠠᠬᠤᠢ ᠶᠢᠨ ᠵᠠᠰᠠᠯᠲᠠ ᠶᠢ ᠲᠦᠷᠭᠡᠳᠬᠡᠵᠦ᠂ ᠳᠠᠬᠢᠨ ᠠᠰᠢᠭᠯᠠᠵᠤ ᠪᠣᠯᠬᠤ ᠤᠰᠤ ᠶᠢ ᠡᠭᠡᠭᠦᠯᠦᠨ ᠬᠡᠷᠡᠭᠯᠡᠬᠦ ᠥᠷᠲᠡᠭ ᠢ ᠳᠡᠭᠡᠭᠰᠢᠯᠡᠭᠦᠯᠵᠦ᠂ ᠨᠤᠭᠤ ᠭᠠᠵᠠᠷ ᠤᠨ ᠠᠮᠢ ᠠᠬᠤᠢ ᠶᠢᠨ ᠣᠷᠣᠨ ᠪᠦᠰᠡ ᠶᠢ ᠪᠠᠶᠢᠭᠤᠯᠤᠨ᠎ᠠ᠃ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠰᠠᠭᠤᠭᠠᠯᠢ ᠠᠷᠠᠳ ᠤᠨ ᠠᠮᠢᠳᠤᠷᠠᠯ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠦᠷᠲᠡᠭ ᠢ ᠪᠠᠭᠤᠷᠠᠭᠤᠯᠵᠤ᠂ ᠪᠣᠬᠢᠷᠲᠤᠯ ᠦᠭᠡᠢ ᠬᠦᠭᠵᠢᠬᠦᠯᠬᠦ ᠳᠤ ᠰᠢᠨ᠎ᠡ ᠣᠷᠴᠢᠨ ᠲᠣᠭᠤᠷᠢᠨ ᠢ ᠪᠤᠢ ᠪᠤᠯᠭᠠᠵᠦ ᠦᠭᠬᠦᠨ᠎ᠡ᠃ ᠠᠭᠤᠷᠬᠠᠢ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠪᠤᠬᠢᠷᠲᠤᠯ ᠦᠭᠡᠢ ᠠᠭᠤᠷᠬᠠᠢ ᠶᠢᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ ᠵᠠᠩ ᠦᠢᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠡᠷᠡᠭᠦᠯ ᠪᠦᠭᠡᠳ ᠪᠣᠬᠢᠷᠲᠤᠯ ᠦᠭᠡᠢ ᠡᠵᠡᠩᠨᠡᠯᠲᠡ ᠶᠢ ᠲᠦᠯᠬᠢᠨ ᠠᠬᠢᠭᠤᠯᠵᠤ᠂ ᠵᠤᠭᠠᠴᠠᠭᠰᠠᠳ ᠢ ᠲᠥᠪᠯᠡᠷᠡᠭᠦᠯᠦᠨ ᠲᠠᠷᠬᠠᠭᠠᠬᠤ ᠲᠥᠪ ᠤᠨ ᠴᠢᠳᠠᠮᠵᠢ ᠶᠢ ᠪᠠᠳᠠᠷᠠᠭᠤᠯᠵᠤ᠂ ᠬᠥᠯᠥᠨ ᠪᠣᠶᠢᠷ ᠤᠨ ᠣᠯᠠᠨ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠶᠡᠭᠡ ᠬᠤᠷᠠᠯ ᠤᠨ ᠲᠠᠯ᠎ᠠ ᠨᠤᠲᠤᠭ ᠲᠠᠬᠢ ᠬᠤᠪᠢᠶᠠᠷᠢ ᠶᠠᠷᠢᠯᠴᠠᠭᠠᠨ ᠤ ᠲᠠᠪᠴᠠᠩ ᠤᠨ ᠬᠤᠷᠠᠯ ᠤᠨ ᠬᠠᠶ᠋ᠢᠭ ᠪᠣᠯᠭᠠᠬᠤ ᠪᠠᠷ ᠴᠢᠷᠮᠠᠶᠢᠨ᠎ᠠ᠃ ᠠᠮᠢ ᠠᠬᠤᠢ ᠶᠢᠨ ᠪᠣᠯᠪᠠᠰᠤᠨ ᠤ ᠳᠦᠷᠢᠮ ᠢ ᠲᠡᠭᠦᠯᠳᠡᠷᠵᠢᠭᠦᠯᠦᠨ᠎ᠡ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠨᠢᠭᠡᠳᠦᠯᠲᠡᠶ ᠲᠥᠯᠥᠪᠯᠡᠨ ᠵᠠᠭᠠᠭᠯᠠᠨ ᠲᠣᠭᠲᠠᠭᠠᠵᠤ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠠᠮᠢ ᠠᠬᠤᠶ᠂ ᠣᠷᠴᠢᠨ ᠲᠣᠭᠤᠷᠢᠨ᠂ ᠡᠬᠢ ᠪᠠᠶᠠᠯᠢᠭ ᠭᠤᠷᠪᠠᠨ ᠵᠣᠷᠪᠤᠰ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ ᠵᠣᠷᠪᠣᠰ ᠤᠯᠠᠭᠠᠨ ᠱᠤᠭᠤᠮ︾᠎ ᠢ ᠪᠠᠳᠦ ᠰᠠᠬᠢᠨ᠎ᠠ᠃ ᠠᠮᠢ ᠠᠬᠤᠶ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠡᠬᠢ ᠪᠠᠶᠠᠯᠢᠭ ᠢ ᠵᠠᠭᠠᠭᠯᠠᠨ ᠲᠣᠭᠲᠠᠭᠠᠬᠤ᠂ ᠦᠨᠡᠯᠡᠨ ᠵᠢᠱᠢᠬᠦ ᠪᠠ ᠬᠢᠨᠠᠨ ᠪᠤᠳᠤᠬᠤ ᠲᠦᠷᠢᠮ ᠢ ᠰᠦᠪᠡᠭᠴᠢᠯᠡᠨ ᠪᠠᠶᠢᠭᠤᠯᠵᠤ᠂ ᠲᠣᠭᠲᠠᠮᠠᠯ ᠪᠣᠬᠢᠷᠲᠤᠯ ᠤᠨ ᠢᠷᠡᠯᠲᠡ ᠶᠢᠨ ᠪᠣᠬᠢᠷᠲᠤᠯ ᠭᠠᠳᠠᠭᠰᠢᠯᠠᠭᠤᠯᠬᠤ ᠳᠤ ᠵᠥᠪᠰᠢᠶᠡᠷᠡᠯ ᠣᠯᠭᠤᠬᠤ ᠪᠦᠷᠬᠦᠴᠡ ᠶᠢ ᠪᠡᠶᠡᠯᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠴᠢᠭᠡᠷᠯᠡᠭᠦᠯᠬᠦ ᠶᠢ ᠵᠣᠭᠰᠣᠭᠠᠭᠰᠠᠨ ᠣᠷᠣᠨ ᠳᠤ ᠬᠤᠯᠠᠭᠠᠢ ᠪᠠᠷ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠭᠤᠤᠯᠳᠠᠯᠭ᠎ᠠ ᠲᠠᠢ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃        ︵ᠭᠤᠷᠪᠠ︶ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠳᠣᠪᠤᠶᠢᠯᠭᠠᠵᠤ᠂ ᠠᠵᠤ ᠦᠢᠯᠡᠰ ᠤᠨ ᠴᠤᠭᠯᠠᠷᠠᠯ ᠤᠨ ᠰᠢᠨ᠎ᠡ ᠬᠥᠳᠡᠯᠭᠡᠭᠦᠷ ᠢ ᠪᠣᠶ ᠪᠣᠯᠭᠠᠨ᠎ᠠ        ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠬᠡᠨ᠂ ᠡᠯ᠎ᠡ ᠲᠥᠷᠥᠯ ᠤᠨ ᠴᠢᠬᠤᠯᠠ ᠬᠦᠴᠦᠨ ᠵᠦᠢᠯ ᠢ ᠲᠦᠪᠯᠡᠷᠡᠭᠦᠯᠬᠦ ᠶᠢ ᠲᠦᠯᠬᠢᠨ ᠠᠬᠢᠭᠤᠯᠵᠤ᠂ ᠲᠤᠭ᠎ᠠ ᠬᠡᠮᠵᠢᠶ᠎ᠡ ᠶᠢᠨ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠳᠡᠭᠡᠭᠰᠢᠯᠡᠯᠳᠡ ᠶᠢ ᠪᠡᠶᠡᠯᠡᠭᠦᠯᠦᠨ᠎ᠡ᠃ ᠮᠠᠯ ᠠᠵᠤ ᠠᠬᠤᠢ ᠶᠢᠨ ᠶᠠᠰᠤ ᠴᠢᠨᠠᠷ ᠢ ᠲᠦᠷᠭᠡᠳᠭᠡᠨ ᠳᠡᠭᠡᠭᠰᠢᠯᠡᠬᠦᠯᠦᠨ᠎ᠡ᠃ ᠮᠠᠯ ᠠᠵᠤ ᠠᠬᠤᠶ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠮᠠᠯ ᠠᠵᠤ ᠠᠬᠤᠶ ᠶᠢᠨ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠵᠦ᠂ ᠮᠠᠯᠵᠢᠬᠤ ᠦᠢᠯᠡᠳᠪᠦᠷᠢᠯᠡᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠮᠢᠲᠠᠨ ᠤ ᠬᠢᠵᠢᠭ ᠢ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠵᠦ᠂ ᠮᠠᠯ ᠤᠨ ᠡᠪᠦᠯ ᠬᠠᠪᠤᠷ ᠤᠨ ᠮᠡᠨᠳᠦ ᠤᠨᠳᠤᠷᠤᠯᠳᠠ ᠶᠢ ᠪᠠᠲᠤᠯᠠᠨ᠂ ᠲᠥᠯ ᠲᠣᠰᠴᠤ ᠪᠤᠶᠢᠵᠢᠭᠤᠯᠬᠤ ᠠᠵᠢᠯ ᠢ ᠤᠷᠤᠭᠰᠢᠲᠠᠢ ᠪᠡᠶᠡᠯᠡᠭᠦᠯᠦᠨ᠎ᠡ᠃ ᠪᠠᠷᠭᠤ ᠬᠤᠨᠢᠨ ᠤ ᠴᠡᠪᠡᠷ ᠡᠭᠦᠯᠳᠡᠷ ᠢ ᠬᠠᠮᠠᠭᠠᠯᠠᠬᠤ ᠶᠢ ᠴᠢᠩᠭᠠᠳᠬᠠᠵᠤ᠂ 4000 ᠬᠤᠴᠠᠨ ᠤ ᠬᠢᠨᠠᠨ ᠲᠣᠭᠲᠠᠭᠠᠯᠲᠠ ᠶᠢ ᠪᠡᠶᠡᠯᠡᠭᠦᠯᠦᠨ᠎ᠡ᠃ ᠠᠳᠤᠭᠤᠨ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠮᠣᠷᠢ ᠣᠷᠣᠯᠳᠤᠬᠤ ᠲᠠᠯᠠᠪᠠᠢ᠂ ᠮᠣᠷᠢ ᠰᠤᠷᠭᠠᠬᠤ ᠲᠠᠯᠠᠪᠠᠢ᠂ ᠴᠡᠭᠡ ᠡᠳ᠋ᠰᠢᠭᠦᠯᠬᠦ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠰᠠᠶᠢᠵᠢᠷᠠᠭᠤᠯᠬᠤ᠂ ᠠᠳᠤᠭᠤᠨ ᠰᠣᠶᠣᠯ ᠤᠨ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠳᠣᠯᠣᠳᠤᠭᠠᠷ ᠬᠤᠭᠤᠴᠠᠭᠠᠨ ᠤ ᠬᠤᠨᠢ ᠰᠢᠯᠭᠠᠷᠠᠭᠤᠯᠬᠤ ᠤᠷᠤᠯᠳᠤᠭᠠᠨ᠂ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾᠎ ᠶᠢ ᠲᠠᠨᠢᠯᠴᠠᠭᠤᠯᠬᠤ ᠬᠤᠷᠠᠯ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠡᠷᠬᠢᠯᠡᠨ ᠬᠢᠵᠦ᠂ ᠬᠥᠯᠥᠨ ᠪᠣᠶᠢᠷ ᠤᠨ ᠲᠠᠯ᠎ᠠ ᠨᠤᠲᠤᠭ ᠤᠨ ᠬᠤᠨᠢᠨ ᠤ ᠮᠢᠬ᠎ᠠ ᠶᠢᠨ ᠭᠤᠣᠯ ᠪᠦᠲᠦᠭᠡᠭᠳᠡᠬᠦᠨ ᠪᠣᠯᠬᠤ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾᠎ ᠶᠢᠨ ᠭᠠᠵᠠᠷ ᠵᠦᠢ ᠶᠢᠨ ᠰᠢᠨᠵᠢ ᠲᠡᠮᠳᠡᠭᠲᠦ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠥᠷᠭᠡᠳᠬᠡᠨ᠂ ᠶᠠᠰᠤ ᠴᠢᠨᠠᠷ ᠢᠶᠠᠷ ᠦᠨ᠎ᠡ ᠬᠠᠩᠰᠢ ᠶᠢ ᠲᠦᠯᠬᠢᠨ ᠠᠬᠢᠭᠤᠯᠵᠤ᠂ ᠮᠠᠯᠴᠢᠳ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠭᠤᠤᠯᠯᠠᠬᠤ ᠪᠠᠶᠢᠷᠢ ᠰᠠᠭᠤᠷᠢ ᠶᠢ ᠪᠠᠲᠤᠳᠬᠠᠵᠤ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠷᠦᠩ ᠳ᠋ᠠ ᠠᠭᠤᠷᠬᠠᠢ ᠶᠢᠨ ᠭᠦᠨ ᠬᠡᠰᠡᠭ ᠲᠠᠬᠢ ᠡᠬᠢ ᠪᠠᠶᠠᠯᠢᠭ ᠢ ᠣᠷᠣᠯᠠᠬᠤ ᠮᠡᠷᠭᠡᠵᠢᠯ ᠢ ᠰᠠᠶᠢᠵᠢᠷᠠᠭᠤᠯᠬᠤ ᠪᠠ ᠶᠢᠨ ᠱᠠᠨ ᠠᠭᠤᠷᠬᠠᠢ ᠶᠢᠨ ᠨᠢᠭᠡ ᠤᠰᠤᠲᠤ ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠢ ᠰᠠᠶᠢᠵᠢᠷᠠᠭᠤᠯᠬᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠪᠴᠢᠶᠡᠵᠢᠭᠰᠡᠨ ᠨᠥᠯᠥᠭᠡᠯᠡᠯ ᠢ ᠠᠰᠢᠭᠯᠠᠨ ᠥᠷᠢᠰᠥᠯᠳᠦᠭᠡᠨ ᠤ ᠳᠠᠪᠠᠭᠤᠯᠢᠭ ᠢ ᠪᠤᠢ ᠪᠣᠯᠭᠠᠵᠤ᠂ ᠳᠤᠮᠳᠠᠳᠤ ᠤᠯᠤᠰ ᠤᠨ ᠬᠤᠸᠠᠩ ᠶᠢᠨ᠂ ᠳ᠋ᠠᠴᠢᠩ᠂ ᠷᠦᠩ ᠳ᠋ᠠ᠂ ᠴᠠᠭᠠᠨ᠂ ᠶᠢᠨ ᠱᠠᠨ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠵᠣᠷᠢᠭᠵᠢᠭᠤᠯᠤᠨ᠂ ᠳᠤᠮᠳᠠᠳᠤ ᠤᠯᠤᠰ ᠤᠨ ᠬᠤᠸᠠᠩ ᠶᠢᠨ ᠠᠭᠤᠷᠬᠠᠢ ᠶᠢᠨ ᠦᠢᠯᠡᠰ ᠤᠨ ᠳᠣᠣᠷ᠎ᠠ ᠠᠭᠤᠯᠤᠭᠳᠠᠴᠠ ᠲᠠᠢ ᠬᠠᠶᠠᠭᠳᠠᠮᠠᠯ ᠵᠡᠰ ᠤᠨ ᠬᠦᠳᠡᠷ ᠢ ᠡᠭᠡᠭᠦᠯᠦᠨ ᠬᠤᠷᠢᠶᠠᠵᠤ ᠠᠰᠢᠭᠯᠠᠬᠤ ᠪᠠ ᠰᠢᠨ᠎ᠡ ᠪᠠᠷ ᠨᠡᠮᠡᠭᠳᠡᠭᠰᠡᠨ ᠰᠢᠷᠣᠶ ᠭᠠᠳᠠᠭᠰᠢᠯᠠᠭᠤᠯᠬᠤ ᠲᠠᠯᠠᠪᠠᠢ᠂ ᠭᠤᠷᠪᠠᠳᠤᠭᠠᠷ ᠬᠤᠭᠤᠴᠠᠭᠠᠨ ᠤ ᠦᠯᠡᠳᠡᠭᠳᠡᠯ ᠬᠦᠳᠡᠷ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠴᠠᠭᠠᠨ ᠪᠣᠯᠤᠨ ᠷᠦᠩ ᠳ᠋ᠡ ᠠᠭᠤᠷᠬᠠᠶ ᠶᠢᠨ ᠦᠢᠯᠡᠰ ᠢ ᠨᠡᠶᠢᠯᠡᠭᠦᠯᠬᠦ ᠶᠢ ᠠᠬᠢᠭᠤᠯᠤᠨ᠂ ᠬᠠᠶᠢᠯᠤᠭᠤᠷ ᠴᠢᠯᠠᠭᠤ ᠶᠢ ᠭᠠᠳᠠᠭᠠᠳᠤ ᠠᠴᠠ ᠣᠷᠤᠭᠤᠯᠤᠨ ᠡᠳ᠋ᠰᠢᠭᠦᠯᠬᠦ ᠶᠢ ᠲᠦᠯᠬᠢᠨ ᠠᠬᠢᠭᠤᠯᠵᠤ᠂ ᠮᠣᠩᠭᠤᠯ ᠤᠯᠤᠰ ᠤᠨ ᠬᠤᠩ ᠪᠥᠸᠧ ᠠᠭᠤᠷᠬᠠᠢ ᠶᠢᠨ ᠦᠢᠯᠡᠰ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠦ᠂ ᠠᠵᠤ ᠦᠢᠯᠡᠳᠪᠦᠷᠢ ᠶᠢᠨ ᠰᠢᠨ᠎ᠡ ︽ᠨᠡᠮᠡᠭᠳᠡᠯ ᠤᠨ ᠲᠦᠢᠯ︾᠎ ᠢ ᠪᠤᠢ ᠪᠣᠯᠭᠠᠨ᠎ᠠ᠃ ᠲᠣᠭᠲᠠᠴᠠ ᠪᠠ ᠬᠦᠴᠦᠨ ᠵᠦᠢᠯ ᠤᠨ ᠪᠣᠭᠤᠮᠢ ᠶᠢ ᠡᠪᠳᠡᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠥᠯᠥᠨ ᠪᠣᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠠᠢ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠳᠤ ᠬᠦᠴᠦ ᠨᠡᠮᠡᠷᠢᠯᠡᠨ᠂ ᠲᠦᠭᠡᠮᠡᠯ ᠬᠠᠷᠠᠭᠠᠯᠵᠠᠯ ᠤᠨ ᠲᠦᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ︽ᠲᠤᠰᠬᠠᠢ ᠨᠠᠷᠢᠯᠢᠭ ᠦᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ ᠦᠰᠦᠨ ᠪᠣᠶᠢᠵᠢᠯᠲᠠ ᠶᠢ ᠲᠡᠳᠬᠦᠨ᠎ᠡ᠃ ᠦᠢᠯᠡᠴᠢᠯᠡᠭᠡᠨ ᠤ ᠦᠢᠯᠡᠰ ᠤᠨ ᠦᠢᠯᠡᠳᠦᠯ ᠴᠢᠳᠠᠪᠬᠢ ᠶᠢ ᠲᠡᠭᠡᠭᠰᠢᠯᠡᠬᠦᠯᠦᠨ᠎ᠡ᠃ ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ︽ᠵᠤᠭᠠᠴᠠᠯ +︾ ᠠᠵᠢᠯ ᠢ ᠭᠦᠢᠴᠡᠳ ᠬᠢᠵᠦ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ᠃ ︽ᠪᠥᠬᠦ ᠣᠷᠣᠨ ᠪᠦᠰᠡ ᠶᠢᠨ ᠵᠤᠭᠠᠴᠠᠯ︾ ᠪᠠ ︽ᠳᠥᠷᠪᠡᠨ ᠤᠯᠠᠷᠢᠯ ᠤᠨ ᠵᠤᠭᠠᠴᠠᠯ︾᠎ ᠢ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠵᠤᠭᠠᠴᠠᠯ ᠤᠨ ᠲᠥᠯᠥᠪᠵᠢᠭᠦᠯᠭᠡ ᠪᠠᠷ ᠬᠥᠲᠥᠯᠦᠨ ᠵᠢᠯᠣᠭᠤᠳᠤᠭᠤᠯᠵᠤ᠂ ︽ᠢᠯᠭᠠᠭᠠᠳᠦ︾ ᠵᠤᠭᠠᠴᠠᠯ ᠢ ᠬᠦᠭᠵᠢᠭᠦᠯᠦᠨ᠂ ︽ᠬᠤᠶᠠᠷ ᠨᠠᠭᠤᠷ᠂ ᠬᠤᠶᠠᠷ ᠭᠤᠤᠯ᠂ ᠪᠣᠭᠳᠠᠠᠭᠤᠯᠠ᠂ ᠨᠤᠭᠤ ᠭᠠᠵᠠᠷ︾ ᠭᠡᠬᠦ ᠠᠯᠳᠠᠨ ᠦᠰᠦᠭᠳᠦ ᠫᠠᠶᠢᠰᠠ ᠢᠯᠡᠷᠭᠡᠶᠢᠯᠡᠯ ᠢ ᠦᠩᠭᠡᠯᠡᠵᠦ᠂ ᠶᠡᠷᠦᠩᠬᠡᠶᠢᠯᠡᠭᠰᠡᠨ ᠢᠵᠢ ᠪᠥᠷᠢᠳᠦᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠢᠯᠢ ᠠᠯᠤᠰᠯᠠᠭᠰᠠᠨ ᠵᠤᠭᠠᠴᠠᠯ ᠤᠨ ᠬᠠᠮᠲᠤᠷᠠᠯᠴᠠᠭᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠦ᠂ ︽ᠲᠠᠯ᠎ᠠ ᠨᠤᠲᠤᠭ ᠤᠨ ᠮᠠᠯᠵᠢᠬᠤ ᠡᠷᠦᠬᠡ ᠶᠢᠨ ᠭᠦᠨᠵᠡᠭᠡᠶ ᠵᠤᠭᠠᠴᠠᠯ︾ ︽ᠪᠣᠭᠤᠮᠲᠠ ᠶᠢᠨ ᠵᠤᠭᠠᠴᠠᠯ︾ ︽ᠬᠢᠯᠢ ᠠᠯᠤᠰᠯᠠᠭᠰᠠᠨ ᠵᠤᠭᠠᠴᠠᠯ︾᠎ ᠤᠨ ᠪᠡᠶᠡᠴᠢᠯᠡᠨ ᠣᠶᠢᠯᠠᠭᠠᠬᠤ ᠰᠢᠨ᠎ᠡ ᠵᠠᠭᠪᠤᠷ ᠢ ᠬᠥᠭᠵᠢᠭᠦᠯᠦᠨ᠎ᠡ᠃ ᠪᠣᠭᠳᠠᠠᠭᠤᠯᠠ ᠵᠠᠩ ᠦᠢᠯᠡ ᠰᠣᠶᠣᠯ ᠵᠤᠭᠠᠴᠠᠯ ᠤᠨ ᠪᠦᠰᠡ ᠶᠢ ᠭᠦᠨᠵᠡᠭᠡᠢ ᠨᠡᠭᠡᠭᠡᠨ ᠬᠦᠭᠵᠢᠭᠦᠯᠵᠦ᠂ ᠲᠠᠯ᠎ᠠ ᠨᠤᠲᠤᠭ ᠤᠨ ᠵᠤᠭᠠᠴᠠᠯ ᠤᠨ ᠪᠦᠲᠦᠭᠡᠭᠳᠡᠬᠦᠨ ᠤ ᠰᠣᠶᠣᠯ ᠤᠨ ᠠᠭᠤᠯᠬᠤᠨ ᠢ ᠳᠡᠭᠡᠭᠰᠢᠯᠡᠭᠦᠯᠦᠨ᠂ ᠵᠤᠭᠠᠴᠠᠯ ᠤᠨ ᠲᠠᠸᠠᠷ ᠤᠨ ᠪᠦᠲᠦᠭᠡᠭᠳᠡᠬᠦᠨ ᠤ ᠲᠤᠰᠬᠠᠢ ᠲᠠᠨᠢᠯᠴᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ᠂ ᠣᠨᠴᠠᠯᠢᠭᠲᠤ ᠵᠤᠭᠠᠴᠠᠯ ᠤᠨ ᠵᠢᠵᠢᠭ ᠪᠠᠯᠭᠠᠰᠤ ᠶᠢ ᠪᠠᠶᠢᠭᠤᠯᠤᠨ᠎ᠠ᠃ ᠵᠤᠭᠠᠴᠠᠯ ᠬᠢᠭᠡᠳ ᠪᠡᠶ᠎ᠡ ᠶᠢᠨ ᠲᠠᠮᠢᠷ ᠢ ᠬᠠᠷᠢᠯᠴᠠᠨ ᠠᠭᠤᠰᠤᠯᠴᠠᠭᠤᠯᠬᠤ ᠠᠷᠭ᠎ᠠ ᠵᠠᠮ ᠢ ᠥᠷᠭᠡᠳᠬᠡᠵᠦ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠤᠷᠤᠯᠳᠤᠭᠠᠨ ᠢ ᠡᠷᠬᠢᠯᠡᠨ ᠬᠢᠵᠦ᠂ ᠤᠷᠤᠨ ᠨᠤᠲᠤᠭ ᠤᠨ ᠠᠯᠳᠠᠷᠰᠢᠯ ᠤᠨ ᠬᠡᠮᠵᠢᠶ᠎ᠡ ᠶᠢ ᠨᠡᠮᠡᠭᠳᠡᠭᠦᠯᠦᠨ᠎ᠡ᠃ ︽ᠨᠢᠭᠡ ᠪᠦᠰᠡ ᠨᠢᠭᠡ ᠵᠠᠮ︾᠎ ᠤᠨ ᠨᠡᠭᠡᠭᠡᠯᠲᠡ ᠬᠢᠬᠦ ᠳᠠᠪᠠᠭᠤᠯᠢᠭ ᠲᠤ ᠲᠦᠰᠢᠭᠯᠡᠨ᠂ ︽ᠤᠮᠠᠷᠠᠰᠢ ᠨᠡᠭᠡᠭᠡᠯᠲᠡ ᠬᠢᠬᠦ︾ ᠡᠮᠦᠨ᠎ᠡ ᠵᠠᠬ᠎ᠠ ᠶᠢ ᠡᠭᠦᠳᠦᠨ ᠪᠠᠶᠢᠭᠤᠯᠵᠤ᠂ ︽ᠬᠤᠶᠠᠷ ᠵᠠᠬ᠎ᠠ ᠳᠡᠯᠭᠡᠭᠦᠷ︾ ︽ᠬᠤᠶᠠᠷ ᠵᠦᠢᠯ ᠤᠨ ᠡᠬᠢ ᠪᠠᠶᠠᠯᠢᠭ︾᠎ ᠢ ᠭᠦᠢᠴᠡᠳ ᠠᠰᠢᠭᠯᠠᠨ᠂ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠷᠤᠬᠠᠰᠢᠶᠠᠲᠤ ᠪᠣᠭᠤᠮᠲᠠ ᠶᠢᠨ ᠵᠢᠯ ᠲᠤᠷᠰᠢ ᠴᠢᠯᠦᠭᠡᠲᠡᠢ ᠨᠡᠭᠡᠭᠡᠭᠳᠡᠬᠦ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠥᠪᠥᠷ ᠮᠣᠩᠭᠤᠯ ᠤᠨ ᠵᠡᠭᠦᠨ ᠬᠡᠰᠡᠭ ᠲᠠᠬᠢ ᠤᠰᠤᠨ ᠤ ᠪᠦᠲᠦᠭᠡᠭᠳᠡᠬᠦᠨ᠂ ᠮᠢᠬᠠᠨ ᠤ ᠪᠦᠲᠦᠭᠡᠭᠳᠡᠬᠦᠨ ᠢ ᠭᠠᠳᠠᠭᠠᠳᠤ ᠠᠴᠠ ᠣᠷᠤᠭᠤᠯᠬᠤ ᠲᠣᠭᠲᠠᠭᠰᠠᠨ ᠪᠣᠭᠤᠮᠲᠠ ᠪᠣᠯᠭᠠᠬᠤ ᠪᠠᠷ ᠭᠤᠶᠤᠴᠢᠯᠠᠨ ᠮᠡᠳᠡᠭᠦᠯᠵᠦ᠂ ᠭᠠᠳᠠᠭᠠᠳᠤ ᠠᠴᠠ ᠣᠷᠤᠭᠤᠯᠵᠤ ᠭᠠᠷᠭᠠᠬᠤ ᠠᠷᠠᠯᠵᠢᠶ᠎ᠠ ᠶᠢᠨ ᠲᠥᠷᠥᠯ ᠵᠦᠢᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ︽ᠨᠡᠪᠲᠡᠷᠡᠬᠦ ᠵᠠᠮ ᠤᠨ ᠠᠵᠤ ᠠᠬᠤᠶ︾᠎ ᠶᠢ ︽ᠰᠠᠭᠤᠷᠢᠰᠢᠯ ᠠᠵᠤ ᠠᠬᠤᠶ︾ ᠪᠣᠯᠭᠠᠨ ᠬᠤᠪᠢᠷᠠᠭᠤᠯᠤᠨ᠎ᠠ᠃ ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠶᠢᠨ ᠠᠷᠠᠯᠵᠢᠶᠠᠨ ᠤ ᠲᠣᠭᠤᠷᠢᠭ ᠵᠢᠴᠢ ᠤᠯᠤᠰ ᠤᠨ ᠡᠭᠦᠳᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠣᠷᠣᠰ ᠮᠣᠩᠭᠤᠯ ᠤᠨ ᠲᠥᠷᠥ ᠶᠢᠨ ᠪᠣᠳᠣᠯᠭ᠎ᠠ ᠯᠤᠭ᠎ᠠ ᠨᠠᠷᠢᠯᠢᠭ ᠣᠨᠣᠪᠴᠢᠲᠠᠶ ᠵᠣᠯᠭᠠᠭᠤᠯᠤᠨ᠂ ᠬᠠᠶᠢᠯᠤᠭᠤᠷ ᠴᠢᠯᠠᠭᠤ᠂ ᠬᠠᠷ᠎ᠠ ᠲᠤᠭᠤᠯᠭ᠎ᠠ ᠴᠠᠶᠢᠷ᠂ ᠨᠡᠭᠦᠷᠡᠰᠦ ᠵᠡᠷᠭᠡ ᠭᠠᠳᠠᠭᠠᠳᠤ ᠠᠴᠠ ᠣᠷᠣᠭᠤᠯᠵᠤ ᠭᠠᠷᠭᠠᠬᠤ ᠠᠵᠤ ᠠᠬᠤᠶᠢᠯᠠᠯ ᠤᠨ ︽ᠭᠠᠷᠴᠤ ᠶᠠᠪᠤᠬᠤ︾᠎ ᠶᠢ ᠵᠣᠷᠢᠭᠵᠢᠭᠤᠯᠤᠨ ᠳᠡᠮᠵᠢᠵᠦ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠠᠪᠬᠤ︾ ᠦᠢᠯᠡᠴᠢᠯᠡᠭᠡ ᠶᠢ ᠬᠡᠷᠡᠭᠵᠢᠭᠦᠯᠦᠨ᠂ ᠭᠠᠳᠠᠭᠠᠳᠤ ᠠᠷᠠᠯᠵᠢᠶᠠᠨ ᠤ ᠠᠵᠤ ᠠᠬᠤᠶ ᠶᠢᠨ ᠦᠷᠭᠦᠯᠵᠢᠯᠡᠨ ᠰᠠᠶᠢᠵᠢᠷᠠᠵᠤ ᠬᠥᠭᠵᠢᠬᠦ ᠶᠢ ᠲᠦᠯᠬᠢᠨ ᠠᠬᠢᠭᠤᠯᠤᠨ᠎ᠠ᠃ ᠳᠤᠮᠳᠠᠳᠤ ᠮᠣᠩᠭᠤᠯ ᠬᠤᠶᠠᠷ ᠣᠷᠣᠨ ᠤ ᠶᠠᠪᠤᠯᠴᠠᠭ᠎ᠠ ᠶᠢ ᠭᠦᠨᠵᠡᠭᠡᠶᠢᠷᠡᠭᠦᠯᠵᠦ᠂ ᠰᠣᠶᠣᠯ ᠲᠠᠮᠢᠷ᠂ ᠵᠤᠭᠠᠴᠠᠯ᠂ ᠠᠵᠤ ᠠᠬᠤᠶ ᠠᠷᠠᠯᠵᠢᠶ᠎ᠠ ᠪᠤᠯᠤᠨ ᠰᠤᠷᠳᠠᠯ ᠤᠬᠠᠭᠤᠯᠭ᠎ᠠ ᠶᠢᠨ ᠬᠠᠮᠲᠤᠷᠠᠯᠴᠠᠭ᠎ᠠ ᠰᠣᠯᠢᠯᠴᠠᠭᠠᠨ ᠤ ᠰᠠᠭᠤᠷᠢ ᠶᠢ ᠪᠠᠬᠢᠵᠢᠭᠦᠯᠵᠦ᠂ ᠢᠳᠡᠪᠬᠢᠳᠡᠢ ᠪᠠᠷ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠲᠠᠢ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠤᠨ᠎ᠠ᠃ ︽ᠢᠨᠲ᠋ᠧᠷ ᠰᠦᠯᠵᠢᠶ᠎ᠡ +︾ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠨ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠢᠩ ᠳ᠋ᠦᠩ ᠪᠠᠷᠠᠭ᠎ᠠ ᠶᠢᠨ ᠬᠦᠢᠯᠭᠡᠭᠡ᠂ ᠵᠢᠩ ᠳ᠋ᠦᠩ ᠤᠨ ᠣᠶᠣᠨᠴᠢ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠢ ᠣᠷᠤᠭᠤᠯᠤᠨ ᠠᠪᠴᠢᠷᠠᠬᠤ ᠪᠠᠷ ᠲᠥᠯᠥᠪᠯᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠦᠨ᠎ᠡ᠃ ᠴᠢᠨᠠᠷ ᠰᠠᠶᠢᠲᠠᠶ ᠲᠥᠷᠥᠯ ᠵᠦᠢᠯ ᠢᠶᠠᠷ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠤ᠂ ᠲᠥᠷᠥᠯ ᠵᠦᠢᠯ ᠢ ᠲᠦᠯᠦᠪᠵᠢᠭᠦᠯᠦᠨ ᠨᠡᠶᠢᠯᠡᠭᠦᠯᠬᠦ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠩᠭᠠᠷᠠᠭᠤᠯᠤᠨ᠂ ᠲᠥᠷᠥᠯ ᠵᠦᠢᠯ ᠤᠨ ︽ᠦᠨ᠎ᠡ ᠴᠠᠨ᠎ᠠ ᠶᠢᠨ ᠠᠭᠤᠯᠤᠭᠳᠠᠴᠠ︾᠂ ︽ᠰᠢᠨ᠎ᠡ ᠬᠡᠮᠵᠢᠶ᠎ᠡ︾᠂ ︽ᠪᠤᠬᠢᠷᠲᠤᠯ ᠦᠭᠡᠢ ᠬᠡᠮᠵᠢᠶ᠎ᠡ︾᠎ ᠶᠢ ᠳᠡᠭᠡᠭᠰᠢᠯᠡᠭᠦᠯᠵᠦ᠂ 17.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠨ᠂ 12 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 10 ᠲᠥᠷᠥᠯ ᠵᠦᠢᠯ ᠢ ᠨᠦᠬᠡᠴᠡᠯᠡᠨ᠎ᠡ᠃ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ︽ᠤᠳᠤᠷᠢᠳᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠬᠦ ᠳᠦᠷᠢᠮ︾᠎ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠲᠤᠭᠳᠠᠭᠠᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠣᠭᠤᠯᠣᠨ ᠵᠢᠭᠰᠠᠭᠠᠵᠤ᠂ ᠤᠭ ᠲᠤᠨᠢ ᠲᠤᠯᠲᠠᠯ᠎ᠠ ᠠᠳᠬᠤᠨ᠂ ︽ᠺᠠᠳ᠋ᠷᠴᠤᠳ ᠲᠥᠷᠥᠯ ᠵᠦᠢᠯ ᠳᠤ ᠦᠢᠯᠡᠴᠢᠯᠡᠬᠦ᠂ ᠲᠥᠷᠥᠯ ᠵᠦᠢᠯ ᠠᠷᠠᠳ ᠲᠦᠮᠡᠨ ᠳᠤ ᠠᠰᠢᠭ ᠬᠦᠷᠲᠡᠭᠡᠬᠦ︾ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠳᠡᠭᠡᠷ᠎ᠡ ᠠᠴᠠ ᠤᠯᠤᠰ ᠤᠨ ᠪᠠᠯᠠ ᠣᠷᠣᠭᠤᠯᠤᠯᠲᠠ ᠶᠢ ᠲᠡᠮᠡᠴᠡᠨ ᠤᠯᠬᠤ᠂ ᠭᠠᠳᠠᠨ᠎ᠠ ᠠᠴᠠ ᠠᠷᠠᠯᠵᠢᠶᠠᠴᠢᠨ ᠣᠷᠤᠭᠤᠯᠬᠤ᠂ ᠳᠣᠲᠣᠭᠠᠳᠤ ᠳᠠᠭᠠᠨ ᠠᠷᠠᠳ ᠤᠨ ᠪᠠᠯᠠ ᠬᠥᠷᠥᠩᠭᠡ ᠴᠤᠭᠯᠠᠭᠤᠯᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠶ ᠰᠤᠳᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠦᠯᠦᠪᠵᠢᠭᠦᠯᠭᠡ ᠶᠢ ᠨᠠᠷᠢᠨ ᠬᠢᠨᠠᠮᠠᠭᠠᠶ ᠨᠠᠶᠢᠷᠠᠭᠤᠯᠤᠨ ᠵᠣᠬᠢᠶᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠠᠷᠠᠳ ᠤᠨ ᠠᠮᠢᠳᠤᠷᠠᠯ᠂ ᠰᠠᠭᠤᠷᠢ ᠲᠦᠬᠦᠭᠡᠷᠦᠮᠵᠢ ᠵᠡᠷᠭᠡ ᠬᠦᠷᠢᠶ᠎ᠡ ᠶᠢ ᠬᠠᠮᠤᠷᠤᠭᠰᠠᠨ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠰᠦᠪᠡᠭᠴᠢᠯᠡᠨ᠎ᠡ᠃        ︵ᠳᠥᠷᠪᠡ︶ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠲᠣᠪᠣᠶᠢᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠬᠢᠴᠠ ᠶᠢ ᠲᠦᠷᠭᠡᠳᠬᠡᠨ᠎ᠡ        ᠮᠠᠯᠵᠢᠬᠤ ᠣᠷᠣᠨ ᠤ ᠣᠳᠣᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠨᠠᠷᠯᠢᠭ ᠳᠡᠰᠳᠦ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ᠬᠤᠲᠠ ᠬᠥᠳᠡᠭᠡ ᠶᠢᠨ ᠠᠭᠤᠰᠤᠯᠴᠠᠨ ᠬᠦᠳᠡᠯᠤᠯᠴᠠᠬᠦ ᠪᠠ ᠨᠢᠭᠡ ᠴᠣᠭᠴᠠᠵᠢᠬᠤ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠮᠠᠯ ᠠᠵᠦ ᠠᠬᠤᠢ ᠶᠢᠨ ᠡᠵᠡᠩᠨᠡᠯᠳᠡ ᠶᠢᠨ ᠪᠠᠶᠢᠭᠤᠯᠤᠯ ᠤᠨ ᠵᠢᠷᠤᠭ ᠲᠥᠰᠦᠪ ᠢ ᠵᠢᠷᠤᠭᠯᠠᠨ᠎ᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠬᠦᠨᠵᠡᠭᠡᠢ ᠲᠦᠯᠬᠢᠨ ᠠᠬᠢᠭᠤᠯᠵᠤ᠂ 18 ᠲᠤᠷᠰᠢᠯᠲᠠ ᠶᠢᠨ ᠴᠡᠭ ᠤᠨ ᠭᠠᠴᠠᠭᠠᠨ ᠳᠤ ᠰᠢᠨ᠎ᠡ ᠬᠡᠯᠪᠡᠷᠢ ᠶᠢᠨ ᠬᠤᠪᠢ ᠤᠷᠤᠭᠤᠯᠤᠭᠰᠠᠨ ᠬᠤᠷᠰᠢᠶᠠᠵᠢᠯ ᠢ ᠵᠣᠬᠢᠶᠠᠨ ᠪᠠᠶᠢᠭᠤᠯᠵᠤ᠂ ᠠᠯᠳ᠋ᠬᠠᠮᠡᠭᠡᠯ ᠪᠠᠯᠭᠠᠰᠦ ᠶᠢᠨ ︽ᠳᠣᠯᠣᠭᠠᠨ ᠲᠣᠰᠬᠤᠨ ᠢ ᠨᠢᠭᠡ ᠴᠣᠭᠴᠠᠵᠢᠭᠤᠯᠬᠤ︾ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠭᠡᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠬᠦᠭᠡᠨ ᠵᠠᠰᠠᠬᠤ᠂ ᠮᠠᠩᠯᠠᠶ ᠭᠠᠴᠠᠭᠠᠨ ᠤ ᠦᠷ᠎ᠡ ᠶᠢᠨ ᠬᠤᠨᠢᠨ ᠤ ᠰᠠᠭᠤᠷᠢᠨ ᠭᠠᠵᠠᠷ ᠪᠠᠶᠢᠭᠤᠯᠬᠤ᠂ ︽ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬ᠎ᠠ︾᠎ ᠶᠢᠨ ᠮᠦᠷᠳᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ 14 ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠦᠮᠦᠵᠢᠭᠦᠯᠭᠦ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠢᠶᠠᠷ ᠳᠠᠶᠢᠴᠢᠯᠠᠬᠤ ᠨᠦᠯᠦᠭᠡᠯᠡᠯ ᠢ ᠥᠷᠭᠡᠳᠬᠡᠨ᠂ ᠮᠠᠯ ᠠᠵᠤ ᠠᠬᠤᠶ ᠳᠤ ᠪᠠᠬ᠎ᠠ ᠲᠠᠢ᠂ ᠮᠡᠷᠭᠡᠵᠢᠯ ᠲᠠᠢ᠂ ᠡᠵᠡᠩᠨᠡᠯᠳᠡ ᠳᠤ ᠴᠢᠳᠠᠮᠠᠭᠠᠶ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠢ ᠪᠤᠶᠢᠵᠢᠭᠤᠯᠤᠨ᠎ᠠ᠃ ᠠᠵᠢᠯ ᠲᠥᠷᠥᠯ ᠳᠤ ᠪᠠᠨ ᠤᠷᠤᠶᠢᠯᠠᠭᠰᠠᠨ᠂ ᠦᠷ᠎ᠡ ᠠᠰᠢᠭ ᠰᠠᠶᠢᠳᠡᠢ ᠪᠦᠭᠡᠳ ᠡᠷᠡᠬᠦᠯ ᠬᠦᠭᠵᠢᠯᠳᠡ ᠲᠠᠢ ᠲᠤᠯᠤᠭᠠᠶᠢᠯᠠᠭᠴᠢ ᠠᠵᠦ ᠠᠬᠤᠶᠢᠯᠠᠯ ᠢ ᠤᠷᠢᠨ ᠣᠷᠣᠭᠤᠯᠵᠤ᠂ ᠠᠵᠤ ᠦᠢᠯᠡᠰ ᠤᠨ ᠬᠡᠪᠴᠢᠶ᠎ᠡ ᠪᠠ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠦᠷᠭᠡᠳᠭᠡᠨ᠂ ᠮᠠᠯᠴᠢᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠮᠵᠢᠯᠲᠠ ᠲᠠᠢ ᠲᠤᠷᠰᠢᠯᠭ᠎ᠠ ᠶᠢᠨ ︽ᠡᠬᠡ ᠳᠡᠪᠲᠡᠷ︾᠎ ᠢ ᠠᠯᠬᠤᠮ ᠠᠯᠬᠤᠮ ᠢᠶᠠᠷ ᠪᠦᠬᠦ ᠬᠤᠰᠢᠭᠤᠨ ᠤ ᠬᠡᠪᠴᠢᠶᠡᠨ ᠳᠤ ᠬᠠᠭᠤᠯᠪᠦᠷᠢᠯᠡᠨ ᠲᠦᠭᠡᠮᠡᠯᠵᠢᠬᠦᠯᠦᠨ᠎ᠡ᠃ ᠬᠤᠲᠠ ᠪᠠᠯᠭᠠᠰᠦ ᠶᠢᠨ ᠴᠢᠳᠠᠮᠵᠢ ᠶᠢᠨ ᠴᠢᠨᠠᠷ ᠲᠡᠰ ᠢ ᠶᠡᠬᠡᠪᠡᠷ ᠳᠡᠭᠡᠭᠰᠢᠯᠡᠭᠦᠯᠦᠨ᠎ᠡ᠃ ᠬᠥᠮᠦᠨ ᠠᠮᠠ ᠲᠦᠪᠯᠡᠷᠡᠭᠰᠡᠨ᠂ ᠠᠵᠤ ᠦᠢᠯᠡᠰ ᠴᠤᠭᠯᠠᠷᠠᠭᠰᠠᠨ᠂ ᠴᠢᠳᠠᠮᠵᠢ ᠬᠤᠷᠠᠭᠰᠠᠨ᠂ ᠬᠦᠴᠦᠨ ᠵᠦᠢᠯ ᠡᠷᠴᠢᠮᠵᠢᠭᠰᠡᠨ ᠪᠠᠶᠢᠬᠤ ᠶᠢ ᠲᠦᠯᠬᠢᠨ ᠠᠬᠢᠭᠤᠯᠵᠤ᠂ ᠰᠠᠭᠤᠷᠢ ᠶᠢ ᠪᠠᠬᠢᠵᠢᠭᠦᠯᠦᠨ᠂ ᠥᠪᠡᠷᠮᠢᠴᠡ ᠴᠢᠨᠠᠷ ᠢ ᠲᠤᠪᠣᠶᠢᠯᠭᠠᠵᠤ᠂ ᠬᠤᠲᠠ ᠪᠠᠯᠭᠠᠰᠦ ᠶᠢᠨ ᠴᠢᠳᠠᠮᠵᠢ ᠶᠢ ᠲᠠᠰᠤᠷᠠᠯᠲᠠ ᠥᠬᠡᠶ ᠲᠡᠬᠦᠯᠳᠡᠷᠵᠢᠭᠦᠯᠦᠨ᠂ ᠬᠤᠲᠠ ᠪᠠᠯᠭᠠᠰᠦ ᠶᠢᠨ ᠣᠨᠴᠠᠯᠢᠭ ᠢ ᠢᠯᠡᠷᠡᠬᠦᠯᠵᠦ᠂ ᠬᠤᠰᠢᠭᠤ ᠨᠤᠲᠤᠭ ᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠂ ᠬᠤᠲᠠ ᠪᠠᠯᠭᠠᠰᠤ ᠶᠢ ᠣᠷᠣᠰᠢᠨ ᠰᠠᠭᠤᠬᠤ ᠳᠤ ᠨᠠᠩ ᠲᠤᠬᠢᠯᠢᠭ ᠲᠠᠭᠠᠯᠠᠮᠵᠢᠳᠡᠢ᠂ ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃ ᠬᠤᠲᠠ ᠶᠢᠨ ᠶᠠᠪᠤᠳᠠᠯ ᠤᠨ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠢᠯᠴᠢ ᠶᠢᠨ ᠬᠦᠴᠦᠨ ᠤ ᠦᠷᠳᠡᠭᠡ ᠵᠢᠴᠢ ᠬᠤᠭᠤᠯᠠᠶ ᠲᠣᠤᠷ ᠳᠡᠪᠢᠰᠬᠦ᠂ ᠪᠣᠬᠢᠷᠲᠤᠯ ᠢ ᠰᠡᠷᠭᠡᠶᠢᠯᠡᠨ ᠵᠠᠰᠠᠵᠦ ᠶᠡᠷᠦᠩᠭᠡᠶᠢᠯᠡᠨ ᠵᠠᠰᠠᠬᠤ᠂ ᠬᠠᠭᠤᠴᠢᠨ ᠵᠢᠵᠢᠭ ᠰᠠᠭᠤᠭᠠᠯᠢ ᠲᠣᠭᠤᠷᠢᠭ ᠢ ᠵᠠᠰᠠᠨ ᠰᠢᠨᠡᠳᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ︽ᠤᠶᠤᠨᠴᠢ ᠬᠤᠲᠠ︾᠎ ᠶᠢ ᠲᠦᠷᠭᠡᠳᠬᠡᠨ ᠪᠠᠶᠢᠭᠤᠯᠵᠤ᠂ ︽ᠬᠤᠶᠠᠷᠵᠢᠯᠳᠠ ᠶᠢᠨ ᠠᠭᠤᠰᠤᠯᠴᠠᠯ︾᠎ ᠢ ᠲᠦᠯᠬᠢᠨ ᠠᠬᠢᠭᠤᠯᠵᠤ᠂ ︽ᠲᠦᠮᠡᠨ ᠡᠷᠦᠬᠡ ᠶᠢ ᠡᠭᠦᠯᠡᠨ ᠲᠠᠪᠴᠠᠩ ᠳᠤ ᠭᠠᠷᠭᠠᠬᠤ︾ ᠠᠵᠢᠯᠯᠠᠭ᠎ᠠ ᠶᠢ ᠬᠡᠷᠡᠭᠵᠢᠭᠦᠯᠦᠨ᠂ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ ᠵᠢᠴᠢ 5G ᠰᠦᠯᠵᠢᠶᠠᠨ ᠤ ᠪᠠᠶᠢᠭᠤᠯᠤᠯᠲᠠ ᠶᠢ ᠲᠦᠷᠭᠡᠳᠭᠡᠨ᠎ᠡ᠃ ᠪᠣᠯᠪᠠᠰᠤᠨ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠵᠤ᠂ ︽ᠭᠤᠷᠪᠠ ᠶᠢ ᠠᠷᠢᠯᠭᠠᠬᠤ︾᠎ ᠪᠠᠷ ᠭᠤᠣᠯᠳᠠᠯᠭ᠎ᠠ ᠪᠣᠯᠭᠠᠨ ᠪᠠᠯᠭᠠᠰᠤ ᠶᠢᠨ ᠳᠦᠷᠢ ᠲᠥᠷᠬᠦ᠂ ᠵᠠᠮ ᠬᠠᠷᠢᠯᠴᠠᠭᠠᠨ ᠤ ᠡᠮᠬᠢ ᠲᠢᠭᠯᠢᠮ᠂ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠵᠡᠷᠭᠡ ᠶᠢ ᠶᠡᠷᠦᠩᠬᠡᠶᠢᠯᠡᠨ ᠵᠠᠰᠠᠨ ᠴᠡᠭᠴᠡᠯᠡᠬᠦ ᠠᠵᠢᠯ ᠢ ᠦᠷᠨᠢᠭᠦᠯᠦᠨ᠂ ᠬᠡᠷ ᠠᠬᠤᠢ ᠶᠢ ᠬᠠᠮᠢᠶᠠᠷᠬᠤ ᠦᠢᠯᠡᠴᠢᠯᠡᠭᠡ ᠶᠢ ᠬᠦᠴᠦᠯᠡᠨ ᠴᠢᠩᠭᠠᠷᠠᠭᠤᠯᠵᠤ᠂ ᠵᠠᠰᠠᠨ ᠰᠢᠨᠡᠳᠭᠡᠬᠦ ᠪᠠᠷ ᠪᠦᠳᠦᠭᠡᠨ ᠪᠠᠶᠢᠭᠤᠯᠤᠯᠳᠠ ᠶᠢ ᠠᠬᠢᠭᠤᠯᠵᠤ ᠬᠢᠷᠢ ᠲᠦᠪᠰᠢᠨ ᠳᠤ ᠬᠦᠷᠭᠡᠨ᠂ ᠬᠠᠮᠢᠶᠠᠷᠤᠯᠳᠠ ᠪᠠᠷ ᠰᠢᠯᠢᠳᠡᠭᠵᠢᠭᠦᠯᠭᠦ ᠶᠢ ᠠᠬᠢᠭᠤᠯᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠠᠷᠠᠳ ᠲᠦᠮᠡᠨ ᠤ ᠳᠠᠭᠠᠯᠠᠮᠵᠢᠳᠠᠢ ᠲᠥᠷᠥᠭᠳᠡᠯ ᠪᠠ ᠬᠠᠨᠤᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ ᠬᠡᠷ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠦᠯᠡᠳᠡᠭᠳᠡᠯ ᠠᠰᠠᠭᠤᠳᠠᠯ ᠢ ᠪᠥᠬᠦ ᠲᠠᠯ᠎ᠠ ᠪᠠᠷ ᠴᠡᠪᠡᠷᠯᠡᠨ ᠴᠡᠭᠴᠡᠯᠡᠵᠦ᠂ ᠣᠯᠠᠨ ᠲᠦᠮᠡᠨ ᠤ ︽ᠣᠷᠣᠵᠤ ᠰᠠᠭᠤᠬᠤ ᠳᠤ ᠬᠦᠴᠢᠷ︾᠂ ︽ᠬᠠᠭᠤᠴᠢᠨ ᠤᠷᠤᠨ ᠰᠠᠭᠤᠴᠡ ᠪᠠᠷ ᠨᠢ ᠠᠰᠠᠷ ᠪᠣᠶᠣ ᠵᠤᠭᠤᠰ ᠮᠦᠩᠬᠦ ᠨᠣᠭᠤᠯᠣᠨ ᠪᠤᠳᠤᠵᠤ ᠦᠭᠬᠦ ᠳᠤ ᠬᠦᠴᠢᠷ︾᠂ ︽ᠦᠨᠡᠮᠯᠡᠯ ᠡᠷᠬᠢᠯᠡᠨ ᠬᠦᠢᠴᠡᠳᠭᠡᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠵᠦ ᠦᠭᠬᠦᠨ᠎ᠡ᠃ ︽ᠳᠥᠷᠪᠡᠨ ᠰᠠᠶᠢᠳᠡᠢ ᠬᠥᠳᠡᠭᠡ ᠲᠣᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠵᠤ᠂ ᠵᠠᠮ ᠢ ᠵᠠᠰᠠᠨ ᠰᠢᠨᠡᠳᠭᠡᠬᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠶᠤᠯ ᠲᠠᠢ ᠬᠥᠭᠦᠷᠭᠡ ᠶᠢ ᠵᠠᠰᠠᠨ ᠰᠢᠨᠡᠳᠭᠡᠵᠦ ᠪᠠᠬᠢᠵᠢᠭᠦᠯᠬᠦ᠂ ᠲᠡᠮᠳᠡᠭ ᠱᠤᠭᠤᠮ ᠨᠡᠮᠡᠵᠦ ᠲᠣᠬᠢᠷᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ︽ᠨᠢᠭᠡ ᠴᠠᠭᠠᠷᠢᠭ ᠳᠥᠷᠪᠡᠨ ᠱᠤᠭᠤᠮ +︾ ᠵᠠᠮ ᠤᠨ ᠲᠣᠤᠷ ᠤᠨ ᠪᠣᠷᠣ ᠲᠥᠯᠥᠪ ᠢ ᠪᠠᠶᠠᠯᠢᠭᠵᠢᠭᠤᠯᠤᠨ᠎ᠠ᠃ ᠴᠠᠬᠢᠯᠭᠠᠨ ᠬᠦᠴᠦᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠷᠠᠭᠤᠨ ᠬᠤᠰᠢᠭᠤ ᠠᠴᠠ ᠵᠢᠪᠬᠤᠯᠠᠩᠳᠦ ᠠᠭᠤᠯᠠ ᠪᠤᠯᠤᠨ ᠴᠠᠭᠠᠨ ᠠᠭᠤᠷᠬᠠᠢ ᠬᠦᠷᠬᠦ 110 ᠺᠢᠯᠤᠸᠤᠯᠲ ᠤᠨ ᠴᠠᠬᠢᠯᠭᠠᠨ ᠳᠠᠮᠵᠢᠭᠤᠯᠬᠤ ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠴᠠᠬᠢᠯᠭᠠᠨ ᠲᠣᠣᠷ ᠤᠨ ᠠᠵᠢᠯᠯᠠᠭᠠᠨ ᠤ ᠶᠡᠷᠦᠩᠭᠡᠶᠢᠯᠡᠭᠰᠡᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠤᠬᠢᠯᠢᠭ ᠬᠥᠳᠡᠭᠡ ᠲᠣᠰᠬᠤᠨ ᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ᠃ ︽ᠠᠮᠢ ᠠᠬᠤᠶᠢᠴᠢ ᠣᠷᠣᠰᠢᠨ ᠰᠠᠭᠤᠬᠤ ᠳᠤ ᠲᠤᠬᠢᠯᠢᠭ᠂ ᠪᠣᠯᠪᠠᠰᠤᠨ ᠨᠤᠲᠤᠭ ᠤᠨ ᠰᠤᠷᠲᠠᠯ ᠲᠠᠢ᠂ ᠵᠠᠰᠠᠯᠲᠠ ᠪᠦᠲᠦᠮᠵᠢᠲᠡᠶ︾ ᠪᠠᠶᠢᠬᠤ ᠪᠠᠷ ᠤᠳᠤᠷᠢᠳᠤᠮᠵᠢ ᠪᠣᠯᠭᠠᠨ᠂ ᠠᠷᠠᠳ ᠲᠦᠮᠡᠨ ᠢᠶᠠᠷ ᠲᠦᠰᠢᠭ ᠪᠤᠯᠭᠠᠬᠤ ᠶᠢ ᠪᠠᠷᠢᠮᠳᠠᠯᠠᠵᠦ᠂ ᠲᠤᠬᠠᠶ ᠶᠢᠨ ᠭᠠᠵᠠᠷ ᠤᠨ ᠪᠠᠶᠢᠳᠠᠯ ᠳᠤᠨᠢ ᠳᠤᠬᠢᠷᠠᠭᠤᠯᠤᠨ᠂ ᠴᠢᠳᠠᠯ ᠤᠨ ᠢᠶᠠᠨ ᠬᠢᠷᠢ ᠪᠠᠷ ᠬᠢᠵᠦ᠂ ᠭᠠᠴᠠᠭ᠎ᠠ ᠲᠣᠰᠬᠤᠨ ᠤ ᠵᠠᠮ᠂ ᠤᠰᠤ᠂ ᠴᠠᠬᠢᠯᠭᠠᠨ᠂ ᠴᠢᠮᠡᠭᠡ ᠬᠤᠯᠪᠣᠭ᠎ᠠ᠂ ᠭᠡᠷᠡᠯᠲᠦᠭᠦᠯᠭᠡ᠂ ᠨᠣᠭᠤᠭᠠᠷᠠᠭᠤᠯᠤᠯᠲᠠ ᠵᠡᠷᠭᠡ ᠰᠠᠭᠤᠷᠢ ᠲᠦᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠬᠢ ᠪᠠᠶᠠᠯᠢᠭ ᠢ ᠬᠠᠮᠠᠭᠠᠯᠠᠬᠤ ᠪᠠ ᠠᠷᠪᠢᠯᠠᠨ ᠭᠠᠮᠨᠠᠵᠤ ᠠᠰᠢᠭᠯᠠᠬᠤ ᠶᠢ ᠴᠢᠩᠭᠠᠳᠬᠠᠨ᠂ ᠦᠯᠢᠭᠡᠷ ᠳᠠᠭᠤᠷᠢᠶᠠᠯ ᠦᠵᠡᠭᠦᠯᠬᠦ ᠵᠢᠱᠢᠶᠠᠴᠢ ᠭᠠᠴᠠᠭ᠎ᠠ ᠲᠣᠰᠬᠤᠨ ᠢ ᠡᠭᠦᠳᠦᠨ ᠪᠠᠶᠢᠭᠤᠯᠵᠤ᠂ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠪᠠᠷ ᠪᠠᠷᠢᠮᠵᠢᠶᠠᠯᠠᠨ᠂ ᠭᠠᠴᠠᠭ᠎ᠠ ᠲᠣᠰᠬᠤᠨ ᠤ ᠳᠦᠷᠢ ᠲᠥᠷᠬᠦ ᠶᠢ ᠰᠠᠶᠢᠵᠢᠷᠠᠭᠤᠯᠵᠤ᠂ ᠬᠤᠭ ᠨᠣᠪᠰᠢ ᠶᠢ ᠴᠡᠪᠡᠷᠯᠡᠬᠦ᠂ ᠪᠣᠵᠠᠷ ᠤᠰᠤ ᠶᠢ ᠰᠢᠢᠳᠪᠦᠷᠢᠯᠡᠬᠦ᠂ ᠵᠣᠷᠯᠣᠩ ᠢ ᠦᠭᠡᠷᠡᠴᠢᠯᠡᠬᠦ ᠵᠡᠷᠭᠡ ᠠᠵᠢᠯ ᠤᠨ ᠬᠦᠷᠦᠯᠴᠡᠬᠦ ᠦᠬᠡᠢ ᠲᠠᠯ᠎ᠠ ᠶᠢ ᠨᠢ ᠨᠦᠬᠦᠪᠦᠷᠢᠯᠡᠨ᠂ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠬᠥᠯᠥᠨ ᠨᠠᠭᠤᠷ ᠤᠨ ᠰᠠᠪᠠ ᠭᠠᠵᠠᠷ ᠤᠨ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 592 ᠵᠣᠷᠯᠣᠩ ᠢ ᠵᠠᠰᠠᠨ ᠰᠢᠨᠡᠳᠭᠡᠬᠦ ᠠᠵᠢᠯ ᠢ ᠪᠠᠶᠡᠯᠡᠬᠦᠯᠦᠨ᠂ ᠠᠷᠠᠳ ᠣᠯᠠᠨ ᠤ ᠳᠣᠲᠣᠭᠠᠳᠤ ᠬᠥᠳᠡᠯᠭᠡᠬᠦ ᠬᠦᠴᠦᠨ ᠢ ᠴᠢᠷᠮᠠᠶᠢᠨ ᠬᠥᠭᠵᠢᠭᠡᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠪᠦᠯᠢ ᠶᠢᠨ ᠰᠤᠷᠲᠠᠯ ᠪᠣᠯᠣᠨ ᠪᠣᠷᠣᠭᠵᠢᠭᠤᠨ ᠬᠦᠮᠦᠨ ᠠᠷᠠᠳ ᠤᠨ ᠰᠤᠷᠳᠠᠯ ᠢ ᠬᠦᠮᠦᠵᠢᠭᠦᠯᠦᠨ᠂ ︽ᠭᠠᠴᠠᠭ᠎ᠠ ᠪᠠᠨ ᠬᠠᠶᠢᠷᠠᠯᠠᠬᠤ᠂ ᠨᠣᠳᠤᠭ ᠤᠰᠦ ᠪᠠᠨ ᠬᠠᠶᠢᠷᠠᠯᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃        ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠨ᠂ ᠨᠡᠶᠢᠭᠡᠮ ᠤᠨ ᠰᠢᠨ᠎ᠡ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠨ᠎ᠡ        ᠬᠥᠳᠡᠯᠭᠡᠬᠦ ᠬᠦᠴᠦᠨ ᠤ ᠡᠨᠧᠷᠭᠢ ᠶᠢ ᠦᠷᠭᠦᠯᠵᠢᠯᠡᠨ ᠴᠢᠩᠭᠠᠷᠠᠭᠤᠯᠵᠤ᠂ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠢ ᠣᠨᠣᠪᠴᠢᠳᠠᠢ ᠰᠤᠩᠭᠤᠨ᠂ ᠵᠠᠬ᠎ᠠ ᠲᠡᠯᠭᠡᠬᠦᠷᠴᠢᠯᠡᠬᠦ ᠥᠭᠡᠷᠡᠴᠢᠯᠡᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠨ᠎ᠠ᠃ ︽ᠠᠷᠠᠯᠵᠢᠶ᠎ᠡ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠣᠨ︾᠎ ᠤ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠤᠳᠤᠯᠭ᠎ᠠ ᠶᠢ ᠴᠢᠩᠭ᠎ᠠ ᠨᠠᠶᠢᠳᠡᠪᠦᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠴᠣᠮᠬᠠᠳᠬᠠᠨ ᠲᠦᠷᠢᠮᠵᠢᠭᠦᠯᠵᠦ᠂ ᠮᠠᠯᠵᠢᠬᠤ ᠣᠷᠣᠨ ᠤ ᠣᠳᠣᠬᠢᠴᠢᠯᠡᠯᠳᠡ ᠶᠢᠨ ᠨᠠᠮ ᠤᠨ ᠭᠡᠰᠢᠬᠦᠨ ᠪᠤᠯᠤᠨ ᠤᠯᠠᠨ ᠲᠦᠮᠠᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠲᠥᠪ ᠤᠨ ᠪᠦᠳᠤᠬᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠦᠢᠯᠡᠴᠢᠯᠡᠭᠡᠨ ᠤ ᠵᠦᠢᠯᠡᠰ ᠢ ᠪᠦᠬᠦᠨ ᠢ ᠤᠷᠤᠭᠤᠯᠤᠨ ᠰᠠᠭᠤᠯᠭᠠᠬᠤ ᠶᠢ ᠪᠠᠶᠡᠯᠡᠬᠦᠯᠦᠨ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ︽ᠮᠡᠳᠡᠭᠡ ᠵᠠᠩᠭᠢ ᠶᠢ ᠢᠯᠡᠭᠦᠬᠡᠨ ᠲᠡᠮᠵᠢᠭᠤᠯᠵᠤ᠂ ᠣᠯᠠᠨ ᠲᠦᠮᠡᠨ ᠢ ᠳᠤᠲᠠᠭᠤ ᠬᠦᠶᠦᠯᠭᠡᠨ᠎ᠡ︾᠃ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠲᠠᠩᠰᠠᠯᠠᠭᠤᠯᠬᠤ ᠪᠥᠬᠦ ᠶᠠᠪᠤᠴᠠ ᠶᠢᠨ ᠡᠯᠧᠺᠲᠷᠤᠨᠴᠢᠯᠠᠯᠳᠠ ᠶᠢ ᠪᠠᠶᠠᠯᠡᠬᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨ ᠢ ᠨᠢᠭᠡ ᠦᠨᠡᠮᠯᠡᠯ ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ ᠪᠤᠯᠭᠠᠨ᠎ᠠ᠃ ︽ᠬᠤᠶᠠᠷ ᠢ ᠰᠣᠭᠤᠴᠢᠵᠤ᠂ ᠨᠢᠭᠡ ᠶᠢ ᠢᠯᠡ ᠪᠣᠯᠭᠠᠬᠤ︾ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢ ᠴᠢᠩᠭᠠᠳᠬᠠᠨ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠣᠯᠬᠤ ︽ᠤᠯᠠᠭᠠᠨ ᠨᠡᠷᠡᠰ︾ ᠪᠤᠯᠤᠨ ᠬᠦᠨᠳᠦ ᠨᠤᠴᠢᠳᠠᠢ ᠢᠲᠡᠭᠡᠯ ᠠᠯᠳᠠᠭᠰᠠᠨ ︽ᠬᠠᠷ᠎ᠠ ᠳᠠᠩᠰᠠ︾᠎ ᠶᠢᠨ ᠳᠦᠷᠢᠮ ᠢ ᠳᠡᠬᠦᠯᠳᠡᠷᠵᠢᠬᠦᠯᠵᠦ᠂ ᠢᠳᠡᠭᠡᠮᠵᠢᠳᠡᠢ ᠬᠦᠮᠦᠰ ᠢ ᠬᠤᠯᠪᠤᠭᠠᠯᠠᠨ ᠤᠷᠮᠠᠰᠢᠭᠤᠯᠬᠤ ᠪᠠ ᠢᠳᠡᠬᠡᠯ ᠠᠯᠳᠠᠭᠰᠠᠳ ᠢ ᠬᠤᠯᠪᠤᠭᠠᠯᠠᠨ ᠵᠠᠯᠬᠠᠭᠠᠵᠦ ᠴᠡᠭᠡᠷᠯᠡᠭᠦᠯᠬᠦ ᠶᠢ ᠭᠡᠷᠡᠭᠵᠢᠭᠦᠯᠦᠨ᠂ ᠬᠠᠤᠯᠢ ᠠᠴᠠ ᠵᠥᠷᠢᠴᠡᠭᠰᠡᠳ ᠲᠤ ︽ᠬᠤᠷᠴᠠ ᠰᠡᠯᠡᠮ᠎ᠡ ᠶᠢ ᠥᠨᠳᠥᠷ ᠳᠠᠯᠠᠶᠢᠵᠦ︾᠂ ᠬᠠᠤᠯᠢ ᠰᠠᠬᠢᠭᠴᠢᠳ ᠢ ︽ᠤᠴᠢᠷ ᠥᠬᠡᠶ ᠪᠣᠯ ᠬᠠᠷᠰᠢᠯᠠᠬᠤ ᠥᠬᠡᠶ︾ ᠪᠠᠶᠢᠬᠤ ᠦᠨᠡᠨᠴᠢ ᠢᠲᠡᠭᠡᠮᠵᠢᠲᠡᠶ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠣᠯᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠭᠠᠴᠠᠭᠠᠨ ᠤ ᠡᠳ᠋ ᠬᠥᠷᠥᠩᠭᠡ ᠶᠢ ᠬᠡᠮᠵᠢᠶᠡᠵᠢᠭᠦᠯᠬᠦ᠂ ᠰᠲ᠋ᠣᠺ ᠤᠨ ᠡᠷᠬᠡ ᠶᠢ ᠲᠤᠬᠢᠷᠠᠭᠤᠯᠤᠨ ᠬᠠᠮᠢᠶᠠᠷᠬᠤ ᠡᠭᠦᠷᠭᠡ ᠶᠢ ᠪᠡᠶᠡᠯᠡᠭᠦᠯᠦᠨ᠎ᠡ᠃        ︵ᠵᠢᠷᠭᠤᠭ᠎ᠠ︶ ᠠᠷᠠᠳ ᠤᠨ ᠲᠥᠯᠥᠭᠡ ᠬᠥᠭᠵᠢᠭᠦᠯᠬᠦ ᠶᠢ ᠲᠣᠪᠣᠶᠢᠯᠭᠠᠨ᠂ ᠣᠯᠠᠨ ᠲᠦᠮᠡᠨ ᠤ ᠰᠢᠨ᠎ᠡ ᠪᠤᠶᠠᠨ ᠬᠡᠰᠢᠭ ᠢ ᠦᠨᠡᠨᠬᠦ ᠨᠡᠮᠡᠭᠳᠡᠭᠦᠯᠦᠨ᠎ᠡ        ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠣᠯᠭᠠᠨ᠂ ᠳᠤᠲᠠᠭᠤᠳᠠᠯ ᠢᠶᠠᠨ ᠨᠦᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠲᠦᠷᠭᠡᠳᠭᠡᠨ᠂ ᠣᠯᠠᠨ ᠲᠦᠮᠡᠨ ᠤ ᠨᠢᠳᠦᠨ ᠳᠤ ᠦᠵᠡᠭᠳᠡᠵᠦ᠂ ᠭᠠᠷ ᠲᠤ ᠪᠠᠷᠢᠭᠳᠠᠮ᠎ᠠ ᠪᠣᠳᠠᠲᠤ ᠠᠰᠢᠭ ᠬᠦᠷᠲᠡᠬᠦ‍ ᠨᠢᠭᠡ ᠪᠦᠯᠦᠭ ᠰᠠᠶᠢᠨ ᠶᠠᠪᠤᠳᠠᠯ ᠪᠣᠳᠠᠲᠤ ᠶᠠᠪᠤᠳᠠᠯ ᠢ ᠶᠡᠭᠡ ᠬᠦᠴᠦ ᠭᠠᠷᠭᠠᠨ ᠬᠢᠵᠦ᠂ ᠪᠦᠬᠦ ᠬᠤᠰᠢᠭᠤᠨ ᠤ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠨ᠎ᠡ᠃ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢᠳ ᠪᠢᠯᠧᠲ ᠦᠭᠴᠦ ᠲᠣᠭᠳᠠᠭᠠᠬᠤ ᠲᠦᠷᠢᠮ ᠤᠨ ᠲᠤᠷᠰᠢᠯᠲᠠ ᠶᠢᠨ ᠬᠤᠰᠢᠭᠤ︾᠎ ᠶᠢᠨ ᠱᠠᠭᠠᠷᠳᠠᠯᠭ᠎ᠠ ᠶᠣᠰᠣᠭᠠᠷ᠂ ᠨᠠᠰᠤᠳᠠᠨ ᠢ ᠠᠰᠠᠷᠠᠨ ᠰᠤᠪᠢᠯᠠᠬᠤ ᠬᠦᠷᠢᠶᠠᠯᠠᠩ ᠢ ᠪᠠᠶᠢᠭᠤᠯᠬᠤ᠂ ᠠᠷᠠᠳ ᠢ ᠬᠠᠶᠢᠷᠠᠯᠠᠬᠤ ᠵᠠᠮ ᠵᠠᠰᠠᠬᠤ᠂ ᠲᠦᠭᠡᠭᠡᠯ ᠤᠰᠤᠨ ᠤ ᠬᠤᠭᠤᠯᠠᠶ ᠲᠣᠤᠷ ᠢ ᠵᠠᠰᠠᠨ ᠰᠢᠨᠡᠳᠭᠡᠬᠦ᠂ ᠢᠯᠴᠢ ᠰᠤᠯᠢᠬᠤ ᠦᠷᠳᠡᠭᠡ ᠵᠢᠴᠢ ᠢᠯᠴᠢ ᠬᠠᠩᠭᠠᠬᠤ ᠬᠤᠭᠤᠯᠠᠢ ᠲᠤᠤᠷ ᠢ ᠵᠠᠰᠠᠨ ᠰᠢᠨᠡᠳᠭᠡᠬᠦ᠂ ᠠᠳᠤᠭᠤᠨᠴᠢᠯᠠᠭᠤ ᠠᠴᠠ ᠠᠷᠤᠬᠠᠰᠢᠶᠠᠳᠦ ᠪᠠᠯᠭᠠᠰᠤ ᠬᠦᠷᠬᠦ ᠵᠠᠰᠠᠮᠠᠯ ᠵᠠᠮ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠨᠡᠮᠡᠭᠳᠡᠭᠦᠯᠵᠦ᠂ ᠠᠵᠢᠯ ᠣᠯᠭᠤᠵᠤ ᠦᠢᠯᠡᠰ ᠪᠣᠰᠬᠠᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠦᠢᠯᠡᠰ ᠪᠣᠰᠬᠠᠬᠤ ᠵᠢᠭᠡᠯᠡᠯᠭᠡ ᠶᠢᠨ ᠪᠠᠷᠢᠮᠵᠢᠶ᠎ᠠ ᠶᠢ ᠪᠠᠭᠤᠷᠠᠭᠤᠯᠵᠤ᠂ ᠦᠢᠯᠡᠰ ᠪᠤᠰᠠᠬᠬᠤ ᠶᠢ ᠪᠡᠯᠡ ᠮᠦᠩᠬᠦ ᠪᠠᠷ ᠬᠠᠪᠰᠤᠷᠤᠨ ᠲᠡᠳᠬᠦᠬᠦ ᠲᠣᠭᠳᠠᠴᠠ ᠶᠢ ᠪᠦᠷᠢᠨᠰᠢᠬᠦᠯᠵᠤ᠂ ᠬᠤᠲᠠ ᠪᠠᠯᠭᠠᠰᠦ ᠶᠢᠨ ᠰᠢᠨ᠎ᠡ ᠪᠠᠷ ᠠᠵᠢᠯ ᠣᠯᠣᠭᠰᠠᠳ ᠢ 410 ᠬᠦᠮᠦᠨ ᠠᠴᠠ ᠳᠡᠭᠡᠭᠰᠢ ᠨᠡᠮᠡᠭᠳᠡᠬᠦᠯᠦᠨ᠎ᠡ᠃ ᠦᠷᠬᠦᠯᠵᠢᠯᠡᠨ ᠨᠡᠶᠢᠭᠡᠮ ᠤᠨ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠤᠰᠦᠨ ᠨᠠᠰᠤᠵᠢᠯ᠂ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠦᠨ᠎ᠡ᠃ ᠪᠦᠬᠦᠨ ᠢ ᠪᠠᠲᠤᠯᠠᠬᠤ᠂ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠬᠦᠯᠵᠦ᠂ ᠣᠷᠣᠵᠤ ᠭᠠᠷᠴᠤ ᠪᠤᠯᠬᠤᠶᠢᠴᠠ ᠬᠥᠳᠡᠯᠦᠩᠭᠦᠶ ᠬᠠᠮᠢᠶᠠᠷᠦᠯᠳᠡ ᠶᠢ ᠪᠡᠶᠡᠯᠡᠭᠦᠯᠦᠨ᠎ᠡ᠃ ᠭᠡᠷ ᠲᠡᠭᠡᠨ ᠦᠯᠡᠳᠡᠵᠦ ᠬᠤᠴᠣᠷᠤᠭᠰᠠᠨ ᠬᠡᠤᠬᠡᠳ᠂ ᠭᠠᠭᠴᠠ ᠭᠡᠤᠭᠡᠳ ᠢᠶᠠᠨ ᠠᠯᠳᠠᠭᠰᠠᠨ ᠭᠡᠷ ᠪᠦᠯᠢ ᠵᠡᠷᠭᠡ ᠤᠨᠴᠠᠭᠠᠢ ᠬᠦᠮᠦᠰ ᠢ ᠬᠠᠯᠠᠮᠵᠢᠯᠠᠨ ᠬᠠᠷᠠᠭᠠᠯᠵᠠᠵᠦ᠂ ᠬᠡᠤᠬᠡᠳ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠳᠠᠮᠵᠢ ᠶᠢ ᠲᠡᠬᠦᠯᠳᠡᠷᠵᠢᠭᠦᠯᠦᠨ᠂ ᠠᠯᠪᠠᠨ ᠠᠴᠠ ᠡᠷᠬᠢᠯᠡᠭᠰᠡᠨ ᠨᠠᠰᠤᠳᠠᠨ ᠢ ᠠᠰᠠᠷᠠᠵᠦ ᠰᠤᠪᠢᠯᠠᠬᠤ ᠬᠦᠷᠢᠶᠡᠯᠡᠩ ᠢ ᠪᠠᠶᠢᠭᠤᠯᠵᠤ᠂ ᠠᠷᠠᠳ ᠤᠨ ᠲᠣᠮᠳᠠᠬᠢ ᠬᠥᠷᠥᠩᠭᠡ ᠶᠢ ᠨᠠᠰᠤᠵᠢᠯ ᠤᠨ ᠦᠢᠯᠡᠴᠢᠯᠡᠭᠡᠨ ᠳᠤ ᠤᠷᠤᠭᠤᠯᠬᠤ ᠪᠠᠷ ᠵᠣᠷᠢᠭᠵᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠂ ᠪᠠᠲᠤᠯᠠᠭ᠎ᠠ ᠶᠢᠨ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠤᠯᠤᠰ ᠤᠨ ᠪᠠᠲᠤᠯᠠᠨ ᠬᠠᠮᠠᠭᠠᠯᠠᠯᠳᠠ ᠶᠢ ᠬᠠᠯᠠᠮᠵᠢᠯᠠᠵᠤ᠂ ᠴᠡᠷᠢᠭ ᠬᠥᠮᠦᠨ ᠢ ᠬᠦᠨᠳᠦᠳᠬᠡᠬᠦ︾ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠳᠠᠯᠠᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠥᠭᠵᠢᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠠᠷᠠᠳ ᠤᠨ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠴᠢᠷᠮᠠᠶᠢᠨ᠎ᠠ᠃ ᠪᠠᠭᠰᠢ ᠶᠢᠨ ᠬᠦᠴᠦᠨ ᠢ ᠲᠡᠬᠦᠯᠳᠡᠷᠵᠢᠭᠦᠯᠦᠨ᠂ ᠪᠠᠭᠰᠢ ᠶᠢᠨ ᠬᠦᠯᠤᠰᠤ ᠣᠯᠭᠤᠮᠵᠢ ᠶᠢ ᠲᠡᠭᠡᠭᠰᠢᠯᠡᠬᠦᠯᠬᠦ ᠶᠢ ᠪᠠᠳᠤᠯᠠᠵᠤ᠂ ᠭᠤᠤᠯᠯᠠᠭᠴᠢ ᠪᠠᠭᠰᠢ ᠶᠢᠨ ᠦᠰᠦᠨ ᠪᠤᠶᠢᠵᠢᠯᠳᠡ ᠶᠢᠨ ᠬᠠᠮᠢᠶᠠᠷᠦᠯᠳᠡ ᠶᠢ ᠴᠢᠩᠭᠠᠳᠬᠠᠨ᠂ ᠲᠣᠰ ᠭᠠᠵᠠᠷ ᠣᠷᠣᠨ ᠤ ᠪᠠᠨ ᠨᠡᠷᠡᠲᠦ ᠪᠠᠭᠰᠢ ᠶᠢ ᠬᠥᠮᠦᠵᠢᠭᠦᠯᠵᠦ ᠰᠢᠯᠢᠨ ᠰᠣᠩᠭᠤᠬᠤ ᠠᠵᠢᠯ ᠢ ᠰᠠᠶᠢᠲᠤᠷ ᠠᠳᠬᠤᠨ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠤᠯᠤᠨ ᠪᠡᠯᠡᠳᠬᠡᠯ ᠴᠢᠳᠠᠪᠦᠷᠢᠳᠡᠨ ᠢ ᠱᠠᠳᠣᠴᠢᠯᠠᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠪᠠᠭᠤᠷᠠᠶᠢᠴᠣᠣᠯ ᠤᠨ ᠦᠷ᠎ᠡ ᠬᠡᠤᠬᠡᠳ ᠢ ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ ᠢ ᠪᠦᠬᠦ ᠬᠦᠴᠦᠨ ᠢᠶᠠᠷ ᠢᠶᠠᠨ ᠰᠠᠶᠢᠳᠦᠷ ᠬᠢᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠡᠵᠡᠮᠳᠡᠬᠦ ᠲᠦᠪ ᠤᠨ ᠡᠩᠨᠡᠭᠡ ᠪᠤᠯᠤᠨ ᠴᠢᠳᠡᠪᠦᠷᠢ ᠶᠢᠨ ᠪᠦᠳᠤᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠲᠡᠭᠡᠭᠰᠢᠯᠡᠬᠦᠯᠵᠦ᠂ ᠪᠠᠴᠢᠮ ᠪᠠᠶᠢᠳᠡᠯ ᠢ ᠠᠷᠭᠠᠴᠠᠬᠤ ᠪᠤᠳᠠᠰ ᠤᠨ ᠨᠦᠭᠡᠴᠡ ᠬᠠᠳᠠᠭᠠᠯᠠᠮᠵᠢ ᠶᠢᠨ ᠳᠦᠷᠢᠮ ᠢ ᠪᠦᠷᠢᠨᠰᠢᠬᠦᠯᠵᠦ᠂ ᠣᠯᠠᠨ ᠨᠠᠶᠢᠳᠡ ᠶᠢᠨ ᠡᠷᠡᠬᠦᠯ ᠬᠠᠮᠠᠭᠠᠯᠠᠯ ᠤᠨ ᠭᠡᠨᠡᠳᠲᠠ ᠶᠢᠨ ᠬᠡᠷᠡᠭ ᠤᠨ ᠪᠠᠴᠢᠮ ᠪᠠᠶᠢᠳᠡᠯ ᠢ ᠠᠷᠭᠠᠴᠠᠨ ᠰᠢᠢᠳᠪᠦᠷᠢᠯᠡᠬᠦ ᠴᠢᠳᠡᠪᠦᠷᠢ ᠶᠢ ᠤᠯᠠᠮ ᠴᠢᠨᠠᠭᠰᠢᠳᠠ ᠴᠢᠩᠭᠠᠳᠬᠠᠨ᠎ᠠ᠃ ︽ᠡᠷᠡᠭᠦᠯ ᠡᠩᠬᠡ ᠰᠢᠨ᠎ᠡ ᠪᠠᠷᠭᠤ ᠪᠠᠷᠠᠭᠤᠨ ᠬᠤᠰᠢᠭᠤ︾᠎ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠠᠵᠢᠯ ᠤᠨ ᠦᠷ᠎ᠠ ᠪᠦᠲᠦᠮᠵᠢ ᠶᠢ ᠬᠢᠨᠡᠨ ᠰᠢᠯᠭᠠᠬᠤ ᠠᠵᠢᠯ ᠢ ᠪᠥᠬᠦ ᠲᠠᠯ᠎ᠠ ᠪᠠᠷ ᠡᠬᠢᠯᠡᠬᠦᠯᠦᠨ᠂ ᠡᠮᠴᠢᠯᠡᠭᠡᠨ ᠤ ᠬᠠᠮᠲᠤᠷᠠᠨ ᠤᠨᠤᠰᠢᠯᠠᠬᠤ ᠲᠠᠪᠴᠠᠩ ᠤᠨ ᠪᠠᠶᠢᠭᠤᠯᠤᠯᠲᠠ ᠶᠢ ᠢᠳᠡᠪᠬᠢᠳᠠᠢ ᠲᠦᠯᠬᠢᠨ ᠠᠬᠢᠭᠤᠯᠵᠤ᠂ ︽ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠳᠤᠨᠢ ᠰᠦᠢᠳᠭᠡᠯ ᠲᠤᠰᠢᠶᠠᠬᠤ᠂ ᠨᠢᠭᠡ ᠥᠷᠲᠡᠭᠡ ᠮᠠᠶ᠋ᠢᠭ︾᠎ ᠤᠨ ᠳ᠋ᠦᠩᠨᠡᠨ ᠪᠤᠳᠤᠯᠳᠡ ᠶᠢ ᠨᠠᠶᠢᠳᠠᠪᠤᠷᠢᠵᠢᠭᠤᠯᠤᠨ᠎ᠠ᠃ ᠬᠡᠷ ᠪᠦᠯᠢ ᠶᠢᠨ ᠡᠮᠴᠢ ᠶᠢᠨ ᠭᠡᠷ᠎ᠠ ᠲᠤᠭᠳᠠᠬᠤ ᠦᠢᠯᠡᠴᠢᠯᠡᠭᠡ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠡᠷᠡᠭᠦᠯ ᠬᠠᠮᠠᠭᠠᠯᠠᠯ ᠤᠨ ᠦᠨᠳᠤᠰᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠡᠷᠡᠭᠦᠯ ᠮᠡᠨᠳᠦ ᠶᠢᠨ ᠬᠦᠮᠦᠵᠢᠯ ᠤᠨ ᠲᠤᠭᠤᠷᠢᠨ ᠬᠢᠬᠦ ᠲᠠᠶᠢᠯᠤᠮᠵᠢ︾᠂ ︽ᠡᠷᠡᠭᠦᠯ ᠡᠩᠬᠡ ᠳᠤᠮᠳᠠᠳᠤ ᠤᠯᠤᠰ ᠤᠨ ᠠᠶᠠᠯᠠᠯ︾᠎ ᠤᠨ ᠠᠵᠢᠯᠯᠠᠭ᠎ᠠ ᠶᠢ ᠥᠷᠨᠢᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠯᠭᠡ ᠮᠡᠳᠡᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠬᠥᠭᠵᠢᠭᠦᠯᠦᠨ ᠮᠠᠨᠳᠤᠭᠤᠯᠵᠤ᠂ ᠮᠣᠩᠭᠤᠯ ᠡᠮᠨᠡᠯᠭᠡ ᠶᠢᠨ ᠶᠡᠷᠦᠩᠭᠡᠶᠢᠯᠡᠭᠰᠡᠨ ᠦᠢᠯᠡᠴᠢᠯᠡᠭᠡᠨ ᠤ ᠲᠣᠭᠤᠷᠢᠭ ᠵᠢᠴᠢ ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ᠂ ᠰᠤᠮᠤ ᠪᠠᠯᠭᠠᠰᠦ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠪᠦᠷᠬᠦᠴᠡ ᠶᠢᠨ ᠨᠣᠷᠮ᠎ᠠ ᠶᠢ 90%᠎ ᠳᠤ ᠬᠦᠷᠭᠡᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠦᠷᠬᠦᠴᠡ ᠶᠢᠨ ᠨᠣᠷᠮ᠎ᠠ ᠶᠢ 100%᠎ ᠳᠤ ᠬᠦᠷᠭᠡᠵᠦ᠂ ᠣᠨᠴᠠᠯᠢᠭ ᠢᠶᠠᠷ ᠲᠤᠪᠣᠶᠢᠮ᠎ᠡ᠂ ᠦᠷ᠎ᠡ ᠪᠦᠲᠦᠮᠵᠢ ᠪᠠᠷ ᠢᠯᠡᠷᠬᠡᠢ ᠮᠣᠩᠭᠤᠯ ᠡᠮᠨᠡᠯᠭᠡ ᠶᠢᠨ ᠡᠮᠴᠢᠯᠡᠭᠡᠨ ᠤ ᠰᠢᠰᠲ᠋ᠧᠮ ᠢ ᠪᠤᠢ ᠪᠤᠯᠭᠠᠨ᠎ᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠬᠦᠯᠦᠨ ᠬᠥᠭᠵᠢᠭᠦᠯᠵᠦ᠂ ︽ᠣᠯᠠᠨ ᠲᠦᠮᠡᠨ ᠤ ᠵᠠᠭᠤᠨ ᠡᠳᠦᠷ ᠤᠨ ᠤᠷᠠᠨ ᠰᠠᠶᠢᠬᠠᠨ ᠤ ᠲᠣᠭᠯᠠᠯᠲᠠ︾᠂ ︽ᠨᠣᠮ ᠤᠨ ᠦᠨᠦᠷ ᠬᠠᠩᠬᠤᠯᠤᠭᠰᠠᠨ ᠰᠢᠨ᠎ᠡ ᠪᠠᠷᠭᠤ ᠪᠠᠷᠠᠭᠤᠨ ᠬᠤᠰᠢᠭᠤ︾᠂ ᠦᠨᠳᠦᠰᠦᠲᠡᠨ ᠤ ᠠᠷᠠᠳ ᠤᠨ ᠠᠭᠤᠳᠠᠮ ᠲᠠᠯᠠᠪᠠᠢ ᠶᠢᠨ ᠪᠥᠵᠢᠭ ᠵᠡᠷᠭᠡ ᠰᠢᠷᠢᠰ ᠭᠤᠤᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠦ᠂ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠲᠡᠭᠦᠪᠦᠷᠢ ᠶᠢ ᠬᠠᠮᠠᠭᠠᠯᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠨ ᠨᠠᠶᠢᠳᠡ ᠶᠢᠨ ᠦᠢᠯᠡᠴᠢᠯᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠦ᠂ ᠦᠨᠳᠤᠰᠦᠳᠡᠨ ᠤ ᠪᠡᠶ᠎ᠡ ᠲᠠᠮᠢᠷ ᠤᠨ ᠪᠡᠶ᠎ᠡ ᠴᠢᠬᠢᠷᠠᠭᠵᠢᠭᠤᠯᠬᠤ ᠲᠥᠪ ᠤᠨ ᠦᠢᠯᠡᠳᠤᠯ ᠢ ᠬᠦᠢᠴᠡᠳ ᠪᠠᠳᠠᠷᠠᠭᠤᠯᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠵᠡᠮᠳᠡᠭᠴᠦᠳ ᠲᠤ ᠦᠢᠯᠡᠴᠢᠯᠡᠬᠦ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠷᠡᠭᠦᠯᠵᠢᠯ ᠵᠢᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠳᠤᠯᠠᠨ᠎ᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠪᠦᠷᠢᠳᠬᠡᠬᠦ ᠶᠢ ᠪᠠᠷᠢᠮᠳᠠᠯᠠᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠡᠪᠦᠷᠢᠵᠢᠭᠤᠯᠵᠤ᠂ ᠵᠠᠮ ᠬᠠᠷᠢᠯᠴᠠᠭ᠎ᠠ᠂ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠤ ᠪᠤᠰᠤ ᠠᠭᠤᠷᠬᠠᠶ ᠵᠡᠷᠭᠡ ᠠᠮᠤᠷ ᠲᠦᠪᠰᠢᠨ ᠤ ᠪᠠᠬᠢᠯᠡᠯᠲᠡ ᠰᠢᠪᠳᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠨᠴᠡ ᠬᠦᠨᠳᠦ ᠶᠡᠭᠡ ᠠᠶᠦᠯᠬᠦᠢ ᠦᠢᠯᠡᠳᠪᠦᠷᠢᠯᠡᠯ ᠤᠨ ᠠᠳᠡᠯ ᠭᠠᠷᠬᠤ ᠠᠴᠠ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠲᠠ ᠶᠢ ᠬᠦᠴᠦᠲᠡᠶ ᠠᠳᠬᠤᠨ᠂ ᠠᠷᠠᠳ ᠣᠯᠠᠨ ᠤ ᠢᠳᠠᠵᠤ ᠣᠣᠭᠤᠬᠤ ᠪᠠ ᠡᠮ ᠭᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠦᠨᠳᠦᠰᠦᠲᠡᠨ ᠤ ᠪᠦᠯᠬᠦᠮᠳᠡᠯ ᠤᠨ ︽ᠠᠨᠠᠷ ᠤᠨ ᠦᠷ᠎ᠡ︾᠎ ᠶᠢᠨ ᠠᠭᠤᠯᠬᠤᠨ ᠢ ᠣᠨᠣᠪᠴᠢᠲᠠᠶ ᠡᠵᠡᠮᠳᠡᠵᠦ᠂ ᠦᠪᠡᠷ ᠤᠨ ᠨᠢᠳᠦ ᠪᠠᠨ ᠬᠠᠶᠢᠷᠠᠯᠠᠬᠤ ᠰᠢᠭ᠋ ᠦᠨᠳᠤᠰᠤᠳᠠᠨ ᠤ ᠪᠦᠯᠬᠦᠮᠳᠡᠯ ᠢ ᠬᠠᠶᠢᠷᠠᠯᠠᠨ ᠨᠠᠨᠳᠢᠩᠨᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠴᠣᠭᠴᠠᠯᠠᠨ᠎ᠠ᠃ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠨ ᠰᠤᠷᠪᠤᠯᠵᠢᠯᠠᠬᠤ ᠳᠦᠷᠢᠮ ᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠬᠦᠴᠦᠯᠡᠨ ᠪᠠᠶᠢᠴᠠᠭᠠᠵᠦ ᠰᠢᠢᠳᠪᠦᠷᠢᠯᠡᠨ᠎ᠡ᠃ ᠣᠯᠣᠰ ᠤᠨ ᠠᠮᠤᠷ ᠲᠦᠪᠰᠢᠨ ᠪᠤᠯᠤᠨ ᠠᠮᠢᠳᠦ ᠪᠤᠳᠠᠰ ᠤᠨ ᠠᠮᠣᠷ ᠲᠦᠪᠰᠢᠨ ᠢ ᠣᠬᠠᠭᠤᠯᠬᠤ ᠬᠦᠴᠤᠯᠠᠴᠡ ᠶᠢ ᠨᠡᠮᠡᠭᠳᠡᠬᠦᠯᠦᠨ᠂ ᠣᠯᠠᠨ ᠨᠡᠶᠢᠲᠡ ᠶᠢᠨ ᠠᠮᠤᠷ ᠲᠦᠪᠰᠢᠨ ᠤ ᠰᠠᠭᠤᠷᠢ ᠶᠢ ᠪᠠᠳᠤᠳᠬᠠᠵᠦ᠂ ︽ᠳᠣᠯᠣᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠬᠦᠯᠬᠦ ᠠᠵᠢᠯ ᠢ ᠭᠦᠨᠵᠡᠭᠡᠶ ᠦᠷᠨᠢᠭᠦᠯᠦᠨ᠂ ︽ᠡᠷᠡᠬᠦᠯ ᠡᠩᠭᠡ ᠰᠢᠨ᠎ᠡ ᠪᠠᠷᠭᠤ ᠪᠠᠷᠠᠭᠤᠨ ᠬᠤᠰᠢᠭᠤ︾᠎ ᠶᠢ ᠡᠭᠦᠳᠦᠨ ᠪᠠᠶᠢᠭᠤᠯᠬᠤ ᠶᠢ ᠬᠦᠨᠵᠡᠭᠡᠶᠢᠷᠡᠬᠦᠯᠵᠦ᠂ ︽ᠭᠡᠷᠡᠯᠳᠦ ᠢᠨᠵᠧᠨᠧᠷᠢᠩ︾᠂ ︽ᠣᠶᠣᠨᠴᠢ ᠴᠢᠯᠠᠭᠤ ᠢᠨᠵᠧᠨᠧᠷᠢᠩ︾᠎ ᠤᠨ ᠪᠥᠲᠥᠭᠡᠨ ᠪᠠᠶᠢᠭᠤᠯᠤᠯᠳᠠ ᠶᠢ  ᠲᠦᠷᠭᠡᠳᠭᠡᠨ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ︽ᠦᠮᠦᠭᠯᠡᠭᠴᠢ︾᠂ ︽ᠬᠠᠷᠢᠴᠠᠭᠠᠨ ᠤ ᠲᠣᠤᠷ︾᠎ ᠲᠤ ᠴᠢᠩᠭ᠎ᠠ ᠴᠣᠬᠢᠯᠲᠠ ᠦᠭᠬᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠴᠡᠷᠢᠭ ᠠᠷᠠᠳ ᠤᠨ ᠠᠭᠤᠰᠤᠯᠴᠠᠨ ᠬᠦᠭᠵᠢᠭᠦ ᠶᠠᠰᠤ ᠴᠢᠨᠠᠷ ᠪᠠ ᠳᠡᠰ ᠳᠠᠪᠬᠤᠷᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠮᠣᠩᠭᠤᠯ ᠭᠡᠷ ᠪᠣᠯ ᠬᠠᠷᠠᠭᠤᠯ ᠤᠨ ᠭᠠᠵᠠᠷ᠂ ᠮᠠᠯᠴᠢᠳ ᠪᠣᠯ ᠬᠠᠷᠠᠭᠤᠯ ᠤᠨ ᠴᠡᠷᠢᠭ︾ ᠪᠣᠯᠬᠤ ᠦᠢᠯᠡᠳᠦᠯ ᠢ ᠪᠠᠳᠠᠷᠠᠭᠤᠯᠵᠤ᠂ ᠴᠡᠷᠢᠭ ᠠᠷᠠᠳ ᠤᠨ ᠬᠢᠯᠢ ᠶᠢᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠬᠦᠯᠳᠡᠷᠵᠢᠭᠦᠯᠦᠨ᠂ ᠬᠢᠯᠢ ᠬᠢᠵᠠᠭᠠᠷ ᠤᠨ ᠶᠡᠷᠦᠩᠭᠡᠶᠢᠯᠡᠨ ᠰᠡᠷᠭᠡᠶᠢᠯᠡᠨ ᠡᠵᠡᠮᠳᠡᠬᠦ ᠴᠢᠳᠠᠪᠦᠷᠢ ᠶᠢ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠳᠠᠯ ᠢ ᠪᠠᠳᠤᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ